1 ᠰᠠᠷ᠎ᠠ ᠶᠢᠨ 11 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠷᠠᠯ ᠤᠨ ᠭᠡᠷ ᠲᠤ ᠦᠪᠡᠳᠡᠭᠰᠢ ᠶᠡᠭᠡ ᠪᠠᠷ ᠡᠬᠢᠯᠡᠪᠡ᠃ | ᠬᠤᠰᠢᠭᠤᠨ ᠤ ᠤᠳᠤᠷᠢᠳᠤᠯᠭ᠎ᠠ ᠼᠠᠢ ᠪᠦᠦ ᠵᠢᠶᠦ᠋ᠨ᠂ ᠪᠦᠦ ᠬᠦᠭᠵᠢᠯᠲᠦ᠂ ᠴᠡᠩᠭᠡᠯᠳᠦ᠂ ᠲᠦᠩ ᠬᠤᠩ ᠶᠠᠨ᠂ | ᠸᠠᠩ ᠹᠧᠩ ᠧᠨ᠂ ᠴᠠᠩ ᠴᠢᠩ᠂ ᠸᠠᠩ ᠱᠧᠩ ᠭᠠᠩ᠂ ᠶᠢᠨ ᠰᠢᠶᠣᠤ ᠫᠧᠩ᠂ ᠪᠠᠢ ᠴᠠᠩ ᠬᠠᠢ ᠶᠡᠭᠡ ᠬᠤᠷᠠᠯ ᠳᠤ | ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠠᠢ᠃ ᠴᠧᠨ ᠴᠢᠩ ᠬᠤᠸᠠ᠂ | ᠮᠠᠨᠳᠤᠯ᠂ ᠹᠧᠩ ᠵᠢᠶᠠᠨ ᠵᠦᠩ᠂ ᠵᠢᠶᠠ ᠵᠢᠢ ᠾᠦᠢ᠂ ᠴᠧᠨ ᠯᠢ ᠭᠦᠸᠧ᠂ ᠸᠠᠩ ᠼᠠᠢ ᠰᠢᠶᠠ᠂ ᠸᠠᠩ ᠶᠢᠨ ᠪᠦᠦ | ᠵᠢᠴᠢ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠸᠠᠩ ᠯᠢ ᠵᠢᠶᠦ᠋ᠨ᠂ ᠬᠤᠰᠢᠭᠤᠨ ᠤ ᠠᠷᠠᠳ ᠤᠨ | ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠳ᠋ᠡ ᠴᠢᠦᠸᠡᠨ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠶᠢᠨ ᠵᠢᠱᠢᠭᠳᠡᠭᠴᠢ ᠵᠢᠷᠠᠨᠲᠠᠢ ᠲᠡᠷᠢᠭᠦᠯᠡᠭᠴᠢ ᠶᠢᠨ ᠲᠠᠶᠢᠰᠠᠨ ᠳᠤ | ᠰᠠᠭᠠᠲᠠᠪᠠ᠃ ᠬᠤᠰᠢᠭᠤᠨ ᠳᠤ ᠰᠠᠭᠤᠭ᠎ᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ | ᠰᠤᠯᠠ ᠣᠷᠣᠯᠴᠠᠵᠤ᠂ ᠶᠡᠭᠡ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 193 ᠬᠥᠮᠦᠨ᠂ ᠪᠣᠳᠠᠲᠠᠢ | ᠣᠷᠣᠯᠴᠠᠭᠰᠠᠨ ᠭᠡᠰᠢᠭᠦᠨ 147 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠸᠠᠩ ᠹᠧᠩ ᠧᠨ ᠶᠡᠭᠡ ᠬᠤᠷᠠᠯ ᠢ ᠡᠷᠬᠢᠯᠡᠭᠰᠡᠨ ᠪᠥᠭᠡᠳ ᠤᠯᠤᠰ ᠲᠥᠷᠥ ᠶᠢᠨ ᠵᠥᠪᠯᠡᠯᠭᠡᠨ ᠤ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ | ᠳᠥᠷᠪᠡᠳᠦᠭᠡᠷ ᠤᠳᠠᠭᠠᠨ ᠤ ᠬᠤᠷᠠᠯ ᠡᠬᠢᠯᠡᠭᠰᠡᠨ ᠢ ᠵᠠᠷᠯᠠᠪᠠ᠃ | ᠬᠤᠷᠠᠯ ᠡᠬᠢᠯᠡᠵᠦ᠂ ᠪᠦᠭᠦᠳᠡᠭᠡᠷ ᠢᠶᠠᠨ ᠪᠣᠰᠴᠤ ᠵᠣᠭᠰᠣᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠳᠠᠭᠤᠤ︾ ᠶᠢ ᠬᠥᠭᠵᠢᠮᠳᠡᠨ ᠳᠠᠭᠤᠯᠠᠪᠠ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠲᠦᠩ ᠬᠤᠩ ᠶᠠᠨ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ | ᠬᠤᠷᠠᠯ ᠳᠤ ᠠᠵᠢᠯ ᠤᠨ ᠢᠯᠡᠳᠬᠡᠯ ᠬᠢᠪᠡ᠃ | ᠢᠯᠡᠳᠬᠡᠯ ᠳᠤ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠮᠥᠨ᠂ ᠠᠷᠠᠳ ᠤᠨ ᠤᠯᠤᠰ ᠲᠥᠷᠥ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠣᠢ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠨᠢᠭᠡ ᠵᠢᠯ ᠤᠨ | ᠲᠤᠷᠰᠢ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ | ᠳᠣᠣᠷ᠎ᠠ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠷᠢ᠊ ᠡᠶ᠎ᠡ | ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ | ᠰᠡᠳᠦᠪ ᠢ ᠪᠠᠷᠢᠮᠲᠠᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠬᠦᠴᠦᠨ ᠨᠡᠮᠡᠷᠢᠯᠡᠬᠦ ᠶᠢᠨ | ᠲᠣᠭᠤᠷᠢᠨ ᠳᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠢᠳᠡᠪᠬᠢᠲᠡᠢ ᠪᠠᠷ | ᠵᠠᠰᠠᠭ ᠲᠤ ᠲᠤᠰᠠᠯᠠᠨ ᠰᠠᠨᠠᠯ ᠵᠥᠪᠯᠡᠯᠭᠡ ᠳᠤᠷᠠᠳᠴᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ | ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠦᠢᠯ ᠤᠨ | ᠠᠵᠢᠯ ᠳᠤ ᠰᠢᠨ᠎ᠡ ᠦᠷ᠎ᠡ ᠪᠦᠲᠦᠮᠵᠢ ᠣᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ | ᠰᠢᠨ᠎ᠡ ᠬᠤᠪᠢ ᠨᠡᠮᠡᠷᠢ ᠦᠵᠡᠭᠦᠯᠪᠡ᠃ | ︵ᠨᠢᠭᠡ︶᠂ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠬᠦ ᠶᠢ ᠪᠠᠷᠢᠮᠲᠠᠯᠠᠵᠤ᠂ | ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠲᠠᠰᠤᠷᠠᠯᠲᠠ ᠦᠭᠡᠢ | ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ | ᠢᠯᠡ ᠲᠣᠳᠣ ᠤᠯᠤᠰ ᠲᠥᠷᠥ ᠶᠢᠨ ᠰᠢᠨᠵᠢ ᠴᠢᠨᠠᠷ ᠢ ᠣᠨᠣᠪᠴᠢᠲᠠᠢ ᠡᠵᠡᠮᠳᠡᠵᠦ᠂ ᠨᠠᠮ ᠤᠨ ᠤᠯᠤᠰ ᠲᠥᠷᠥ ᠶᠢᠨ | ᠵᠥᠪᠯᠡᠯᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠭᠡᠬᠦ ᠡᠨᠡ ᠬᠦ ᠤᠯᠤᠰ ᠲᠥᠷᠥ ᠶᠢᠨ ᠦᠨᠳᠦᠰᠦᠨ | ᠵᠠᠷᠴᠢᠮ ᠢ ᠬᠢᠴᠢᠶᠡᠩᠭᠦ᠋ᠢᠯᠡᠨ ᠵᠢᠷᠤᠮᠯᠠᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ | ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ | ᠰᠤᠷᠤᠯᠴᠠᠬᠤ ᠪᠠᠷ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ | ᠪᠣᠯᠭᠠᠵᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ ᠶᠢ ᠠᠬᠢᠭᠤᠯᠵᠤ᠂ ᠤᠯᠤᠰ ᠲᠥᠷᠥ ᠶᠢᠨ | ᠵᠥᠪᠯᠡᠯᠭᠡᠨ ᠤ ︽ᠴᠢᠬᠤᠯᠠ ᠵᠢᠭᠰᠠᠭᠠᠯ ᠤᠨ ᠭᠠᠵᠠᠷ᠂ ᠴᠢᠬᠤᠯᠠ ᠲᠠᠪᠴᠠᠩ᠂ ᠴᠢᠬᠤᠯᠠ ᠠᠷᠭ᠎ᠠ ᠵᠠᠮ︾ ᠤᠨ | ᠦᠢᠯᠡᠳᠦᠯ ᠢ ᠭᠦᠢᠴᠡᠳ ᠪᠠᠳᠠᠷᠠᠭᠤᠯᠪᠠ᠃ | ︵ᠬᠤᠶᠠᠷ︶ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠤᠰᠬᠠᠢ ᠵᠥᠪᠯᠡᠬᠦ | ᠪᠠᠶᠢᠭᠤᠯᠤᠮᠵᠢ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠨ᠂ ︽ᠵᠢᠷᠭᠤᠭᠠᠨ ᠶᠡᠭᠡ | ᠢᠨᠵᠧᠨᠧᠷᠢᠩ︾ ᠪᠠ ᠠᠷᠠᠳ ᠤᠨ ᠠᠩᠬᠠᠷᠤᠯ ᠲᠠᠢ ᠨᠢᠭᠲᠠ ᠤᠶᠠᠯᠳᠤᠭᠤᠯᠤᠨ᠂ ᠪᠦᠬᠦ ᠵᠢᠯ ᠳᠤ ᠲᠤᠰᠬᠠᠢ ᠰᠡᠳᠦᠪᠲᠦ | ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠢᠶᠠᠨ ᠤ ᠬᠤᠷᠠᠯ᠂ ᠲᠤᠰᠬᠠᠢ ᠰᠡᠳᠦᠪᠲᠦ | ᠵᠥᠪᠳᠡᠯᠴᠡᠬᠦ ᠡᠪᠯᠡᠯ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠵᠥᠪᠳᠡᠯᠴᠡᠬᠦ ᠵᠡᠷᠭᠡ ᠡᠯ᠎ᠡ ᠲᠥᠷᠥᠯ ᠤᠨ ᠵᠥᠪᠯᠡᠬᠦ | ᠠᠵᠢᠯᠯᠠᠭ᠎ᠠ ᠶᠢ 9 ᠤᠳᠠᠭ᠎ᠠ ᠡᠷᠬᠢᠯᠡᠵᠦ᠂ ᠪᠠᠶᠢᠴᠠᠭᠠᠨ ᠦᠵᠡᠵᠦ ᠪᠠᠶᠢᠴᠠᠭᠠᠨ ᠰᠤᠳᠤᠯᠬᠤ ᠶᠢ 20 ᠤᠳᠠᠭ᠎ᠠ | ᠥᠷᠨᠢᠭᠦᠯᠵᠦ᠂ ᠠᠷᠠᠳᠴᠢᠯᠠᠯ ᠢᠶᠠᠷ ᠬᠢᠨᠠᠯᠲᠠ ᠲᠠᠯᠪᠢᠵᠤ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ 8 | ᠬᠤᠪᠢ ᠪᠦᠷᠢᠯᠳᠦᠭᠦᠯᠵᠦ᠂ ᠠᠵᠢᠯ ᠤᠨ ᠰᠠᠨᠠᠭᠤᠯᠭ᠎ᠠ ᠶᠢ 32 ᠵᠤᠷᠪᠤᠰ ᠳᠤᠷᠠᠳᠴᠤ᠂ ᠬᠤᠰᠢᠭᠤᠨ ᠤ ᠨᠠᠮ ᠤᠨ | ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠪᠦᠲᠦᠮᠵᠢᠲᠡᠢ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠨᠡᠩ ᠰᠠᠶᠢᠨ ᠦᠢᠯᠡᠴᠢᠯᠡᠨ᠎ᠡ᠃ | ︵ᠭᠤᠷᠪᠠ︶ ᠠᠷᠠᠳ ᠲᠦᠮᠡᠨ ᠤ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠨᠳᠦᠰᠦᠨ | ᠵᠣᠷᠢᠯᠲᠠ ᠶᠢ ᠪᠠᠷᠢᠮᠲᠠᠯᠠᠵᠤ᠂ ︽ᠠᠷᠠᠳ ᠤᠨ ᠤᠯᠤᠰ ᠲᠥᠷᠥ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ | ᠪᠠᠶᠢᠬᠤ︾ ᠣᠨᠣᠯᠵᠢᠬᠤᠨ ᠲᠠᠰᠤᠷᠠᠯᠲᠠ ᠤᠢᠭᠡᠢ ᠲᠣᠳᠣᠷᠠᠪᠠ᠃ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ | ᠪᠠᠶᠢᠩᠭᠤᠵᠢᠭᠤᠯᠤᠨ ᠭᠦᠢᠴᠡᠳᠬᠡᠬᠦ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠷᠠᠳ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠲᠠᠢ ᠬᠠᠷᠢᠯᠴᠠᠵᠤ ᠣᠯᠠᠨ ᠲᠦᠮᠡᠨ ᠳᠤ | ᠦᠢᠯᠡᠴᠢᠯᠡᠬᠦ ᠠᠵᠢᠯᠯᠠᠭ᠎ᠠ ᠶᠢ ᠴᠢᠨᠠᠷ ᠰᠠᠶᠢᠲᠠᠢ ᠡᠮᠬᠢ ᠵᠢᠷᠤᠮ ᠲᠠᠢ ᠥᠷᠨᠢᠭᠦᠯᠵᠦ᠂ ᠭᠡᠰᠢᠭᠦᠳ ᠤᠨ ᠦᠨᠳᠦᠰᠦᠨ | ᠱᠠᠲᠤᠨ ᠤ ᠵᠠᠰᠠᠯᠲᠠ ᠳᠤ ᠣᠷᠣᠯᠴᠠᠬᠤ ᠶᠢ ᠬᠦᠴᠦᠲᠡᠢ ᠪᠦᠲᠦᠮᠵᠢᠲᠡᠢ ᠬᠥᠲᠥᠯᠥᠨ ᠵᠢᠯᠣᠭᠤᠳᠴᠤ᠂ ᠭᠡᠰᠢᠭᠦᠳ ᠤᠨ | ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤᠵᠢᠭᠤᠯᠤᠨ ᠠᠮᠢᠳᠤᠯᠢᠭ ᠦᠢᠯᠡᠳᠦᠯᠭᠡ ᠪᠠᠷ ᠪᠦᠬᠦ ᠶᠠᠪᠤᠴᠠ ᠶᠢᠨ ᠠᠷᠠᠳ ᠤᠨ | ᠠᠷᠠᠳᠴᠢᠯᠠᠯ ᠢ ᠦᠢᠯᠡᠳᠦᠯᠭᠡᠵᠢᠭᠦᠯᠦᠨ᠎ᠡ᠃ ᠬᠠᠷᠢᠯᠴᠠᠵᠤ ᠦᠢᠯᠡᠴᠢᠯᠡᠬᠦ ᠡᠲᠡᠭᠡᠳ ᠤᠨ ᠣᠯᠠᠨ ᠲᠦᠮᠡᠨ ᠤ ᠠᠵᠢᠯ ᠢ | ᠳᠦᠷᠢᠮᠵᠢᠭᠦᠯᠬᠦ᠂ ᠵᠢᠷᠤᠮᠵᠢᠭᠤᠯᠬᠤ᠂ ᠳᠡᠰ ᠳᠠᠷᠠᠭᠠᠵᠢᠭᠤᠯᠬᠤ ᠶᠢ ᠠᠬᠢᠭᠤᠯᠤᠨ᠎ᠠ᠃ ︽ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠡᠲᠡᠭᠡᠳ ᠤᠨ ᠢᠯᠭᠠᠯ ᠤᠨ ᠣᠯᠠᠨ ᠲᠦᠮᠡᠨ ᠲᠠᠢ ᠬᠠᠷᠢᠯᠴᠠᠬᠤ ᠲᠣᠭᠲᠠᠴᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠰᠤᠳᠤᠯᠤᠨ | ᠲᠣᠭᠲᠠᠭᠠᠵᠤ᠂ ᠭᠡᠰᠢᠭᠦᠳ ᠤᠨ ᠡᠲᠡᠭᠡᠳ ᠤᠨ ᠢᠯᠭᠠᠯ ᠤᠨ ᠣᠯᠠᠨ ᠲᠦᠮᠡᠨ ᠤ ᠲᠣᠭᠲᠠᠴᠠ ᠶᠢ ᠤᠯᠤᠰ ᠲᠥᠷᠥ ᠶᠢᠨ | ᠵᠥᠪᠯᠡᠯᠭᠡᠨ ᠤ ᠨᠢᠭᠡᠨᠲᠡ ᠪᠠᠶᠢᠭ᠎ᠠ ᠳᠦᠷᠢᠮ ᠤᠨ ᠪᠣᠷᠣ ᠲᠥᠯᠥᠪ ᠪᠠ ᠠᠵᠢᠯᠯᠠᠭᠠᠨ ᠤ ᠦᠢᠯᠡᠳᠦᠯᠭᠡ ᠳᠤ ᠰᠢᠭᠢᠳᠬᠡᠵᠦ᠂ | ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠱᠠᠭᠠᠷᠳᠠᠯᠭ᠎ᠠ ᠶᠢ ᠬᠢᠨᠠᠮᠠᠭᠠᠢ ᠦᠢᠯᠡᠳᠦᠯᠭᠡᠵᠢᠭᠦᠯᠦᠨ᠂ | ᠭᠡᠰᠢᠭᠦᠳ ᠤᠨ ᠰᠢᠶᠠᠩ ᠢ ᠲᠤᠰᠠᠯᠠᠬᠤ ᠶᠢ ᠭᠦᠨᠵᠡᠭᠡᠢ ᠬᠡᠷᠡᠭᠵᠢᠭᠦᠯᠵᠦ᠂ ᠪᠦᠬᠦ ᠵᠢᠯ ᠳᠤ ︽ᠦᠨᠳᠦᠰᠦᠲᠡᠨ ᠤ | ᠪᠦᠯᠬᠦᠮᠳᠡᠯ ᠤᠨ ᠰᠡᠳᠬᠢᠯᠭᠡ ᠶᠢ ᠬᠠᠮᠲᠤ ᠪᠠᠷ ᠶᠠᠷᠢᠯᠴᠠᠵᠤ᠂ ᠭᠡᠰᠢᠭᠦᠳ ᠤᠨ ᠰᠢᠨ᠎ᠡ ᠡᠭᠦᠷᠭᠡᠯᠡᠯ ᠢ ᠢᠯᠡᠷᠡᠭᠦᠯᠬᠦ︾ | ᠦᠨᠳᠦᠰᠦᠲᠡᠨ ᠤ ᠪᠦᠯᠬᠦᠮᠳᠡᠯ ᠤᠨ ᠨᠥᠬᠦᠷᠯᠡᠯ ᠤᠨ ᠠᠵᠢᠯᠯᠠᠭ᠎ᠠ ᠶᠢ ᠨᠡᠶᠢᠲᠡ 14 ᠤᠳᠠᠭ᠎ᠠ ᠥᠷᠨᠢᠭᠦᠯᠵᠦ᠂ ᠨᠡᠶᠢᠲᠡ | 15 ᠲᠦᠮᠡ ᠭᠠᠷᠤᠢ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠮᠠᠯᠴᠢᠨ ᠲᠠᠷᠢᠶᠠᠴᠢᠨ ᠢ | 5000 ᠭᠠᠷᠤᠢ ᠬᠥᠮᠦᠨ ᠤᠳᠠᠭ᠎ᠠ ᠬᠠᠮᠤᠷᠤᠭᠤᠯᠵᠤ᠂ ᠬᠠᠷᠢᠯᠴᠠᠵᠤ ᠦᠢᠯᠡᠴᠢᠯᠡᠬᠦ ᠡᠲᠡᠭᠡᠳ ᠤᠨ ᠢᠯᠭᠠᠯ ᠤᠨ ᠣᠯᠠᠨ | ᠲᠦᠮᠡᠨ ᠤ ᠠᠵᠢᠯ ᠢ ᠵᠢᠷᠤᠮᠵᠢᠭᠤᠯᠬᠤ᠂ ᠪᠠᠶᠢᠩᠭᠤᠵᠢᠭᠤᠯᠬᠤ ᠪᠠ ᠪᠣᠳᠠᠲᠤ ᠦᠷ᠎ᠡ ᠪᠦᠲᠦᠮᠵᠢ ᠲᠠᠢ ᠪᠣᠯᠭᠠᠬᠤ ᠶᠢ | ᠠᠬᠢᠭᠤᠯᠪᠠ᠃ | ︵ᠳᠥᠷᠪᠡ︶︶ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠪᠠᠳᠠᠷᠠᠭᠤᠯᠬᠤ ᠶᠢ | ᠪᠠᠷᠢᠮᠲᠠᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠪᠦᠯᠬᠦᠮᠳᠡᠯ ᠢ ᠴᠢᠩᠭᠠᠳᠬᠠᠬᠤ ᠠᠷᠭ᠎ᠠ ᠵᠠᠮ ᠢ | ᠲᠠᠰᠤᠷᠠᠯᠲᠠ ᠦᠭᠡᠢ ᠥᠷᠭᠡᠳᠬᠡᠪᠡ᠃ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠬᠤ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠠᠵᠢᠯ ᠤᠨ ᠭᠤᠣᠯ ᠭᠤᠭᠴᠤᠭ᠎ᠠ ᠪᠣᠯᠭᠠᠬᠤ ᠶᠢ ᠪᠠᠷᠢᠮᠲᠠᠯᠠᠵᠤ᠂ ᠪᠦᠯᠬᠦᠮᠳᠡᠯ ᠨᠥᠬᠦᠷᠯᠡᠯ ᠤᠨ ᠥᠷᠭᠡᠴᠡ ᠶᠢ | ᠥᠷᠭᠡᠳᠬᠡᠵᠦ᠂ ᠬᠠᠮᠲᠤᠷᠠᠯᠴᠠᠨ ᠬᠠᠮᠲᠤᠪᠠᠷ ᠠᠵᠢᠯᠯᠠᠬᠤ ᠭᠦᠨᠴᠡ ᠶᠢ ᠪᠠᠶᠠᠯᠢᠭᠵᠢᠭᠤᠯᠵᠤ᠂ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠪᠠ᠃ | ᠬᠠᠷᠢᠯᠴᠠᠨ ᠬᠠᠮᠵᠢᠯᠴᠠᠬᠤ ᠳᠤᠮᠳᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠶᠢ ᠴᠢᠬᠤᠯᠠᠴᠢᠯᠠᠨ᠎ᠠ᠃ | ᠳᠡᠭᠡᠳᠦ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠲᠠᠢ ᠬᠠᠷᠢᠯᠴᠠᠭ᠎ᠠ | ᠬᠤᠯᠪᠣᠭ᠎ᠠ ᠪᠠᠨ ᠴᠢᠩᠭᠠᠳᠬᠠᠵᠤ᠂ ᠠᠬ᠎ᠠ ᠳᠡᠭᠦᠦ ᠬᠤᠰᠢᠭᠤ ᠰᠢᠶᠠᠨ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠨᠡᠪᠲᠡᠷᠡᠯᠴᠡᠭᠡ ᠰᠣᠯᠢᠯᠴᠠᠭ᠎ᠠ ᠶᠢ ᠪᠠᠶᠠᠯᠢᠭᠵᠢᠭᠤᠯᠵᠤ᠂ ᠪᠦᠬᠦ ᠵᠢᠯ ᠳᠤ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ᠂ ᠬᠢᠩᠭᠠᠨ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠲᠠᠢ ᠬᠠᠮᠵᠢᠯᠴᠠᠨ ᠪᠦᠬᠦ | ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠪᠠ ᠬᠤᠯᠪᠣᠭᠠᠯᠠᠨ ᠬᠥᠳᠡᠯᠦᠯᠴᠡᠵᠦ ᠵᠥᠪᠳᠡᠯᠴᠡᠬᠦ ᠠᠵᠢᠯ ᠢ 10 | ᠪᠦᠯᠦᠭ ᠤᠳᠠᠭ᠎ᠠ ᠪᠡᠶᠡᠯᠡᠭᠦᠯᠵᠦ᠂ ᠠᠬ᠎ᠠ ᠳᠡᠭᠦᠦ ᠬᠤᠰᠢᠭᠤ ᠰᠢᠶᠠᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ | 4 ᠪᠦᠯᠦᠭ ᠤᠳᠠᠭ᠎ᠠ ᠭᠦᠢᠴᠡᠳᠬᠡᠵᠦ᠂ ᠪᠦᠬᠦ ᠬᠤᠰᠢᠭᠤᠨ ᠤ ᠴᠦᠯᠯᠡᠷᠭᠡᠭᠵᠢᠯ ᠢ ᠵᠠᠰᠠᠬᠤ᠂ ᠠᠯᠠᠰᠢᠨ ᠦᠬᠡᠷ | ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠠᠭᠤᠰᠤᠯᠴᠠᠯ᠂ ᠰᠠᠨᠠᠯ ᠳᠤᠷᠠᠳᠤᠯᠭ᠎ᠠ ᠶᠢᠨ ᠰᠢᠢᠳᠪᠦᠷᠢᠯᠡᠯᠲᠡ ᠶᠢ ᠰᠢᠪᠠᠳᠠᠨ ᠪᠠᠶᠢᠴᠠᠭᠠᠵᠤ ᠬᠢᠨᠠᠨ ᠡᠵᠡᠮᠳᠡᠵᠦ ᠰᠢᠯᠭᠠᠨ | ᠦᠨᠡᠯᠡᠬᠦ ᠵᠡᠷᠭᠡ ᠰᠡᠳᠦᠪ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠵᠥᠪᠳᠡᠯᠴᠡᠨ ᠬᠥᠭᠵᠢᠪᠡ᠃ ᠨᠠᠮ ᠤᠨ | ᠭᠠᠳᠠᠨᠠᠬᠢ ᠰᠡᠬᠡᠭᠡᠲᠡᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ᠂ ᠨᠡᠶᠢᠭᠡᠮ ᠤᠨ ᠰᠢᠨ᠎ᠡ | ᠳᠠᠪᠬᠤᠷᠭ᠎ᠠ ᠶᠢᠨ ᠬᠥᠮᠦᠰ ᠲᠠᠢ ᠬᠠᠷᠢᠯᠴᠠᠬᠤ ᠠᠷᠭ᠎ᠠ ᠵᠠᠮ ᠢ ᠥᠷᠭᠡᠳᠬᠡᠵᠦ᠂ ᠤᠯᠤᠰ ᠲᠥᠷᠥ ᠶᠢ ᠡᠷᠬᠢᠮᠯᠡᠬᠦ᠂ | ᠲᠦᠷᠦᠭᠦᠯᠡᠨ ᠬᠢᠵᠦ ᠴᠢᠳᠠᠬᠤ᠂ ᠠᠮᠵᠢᠯᠲᠠ ᠪᠦᠲᠦᠮᠵᠢ ᠪᠠᠷ ᠴᠢᠩᠭ᠎ᠠ᠂ ᠬᠤᠪᠢ ᠨᠡᠮᠡᠷᠢ ᠪᠠᠷ ᠶᠡᠭᠡ 16 ᠰᠢᠯᠢᠳᠡᠭ | ᠴᠢᠳᠠᠪᠤᠷᠢᠲᠠᠨ ᠢ ᠠᠯᠪᠠᠨ ᠶᠣᠰᠣᠭᠠᠷ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠭᠠᠵᠤ᠂ ᠨᠡᠩ ᠣᠯᠠᠨ | ᠬᠥᠮᠦᠨ ᠢ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠭᠦᠯᠦᠨ᠎ᠡ᠃ | ︵ᠲᠠᠪᠤ︶ ᠤᠯᠤᠰ ᠲᠥᠷᠥ ᠶᠢᠨ ᠵᠥᠪᠯᠡᠯᠭᠡᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ | ᠪᠠᠷᠢᠮᠲᠠᠯᠠᠨ᠂ ᠰᠠᠭᠤᠷᠢ ᠶᠢ ᠲᠠᠯᠪᠢᠵᠤ ᠠᠯᠤᠰ ᠬᠡᠳᠦ ᠶᠢᠨ ᠠᠴᠢ ᠲᠤᠰᠠ ᠶᠢ ᠬᠠᠮᠠᠭᠠᠯᠠᠬᠤ ᠠᠵᠢᠯ ᠢ ᠲᠠᠰᠤᠷᠠᠯᠲᠠ | ᠤᠢᠭᠡᠢ ᠲᠡᠭᠦᠯᠳᠡᠷᠵᠢᠭᠦᠯᠦᠨ᠎ᠡ᠃ ᠲᠤᠰᠬᠠᠢ ᠵᠥᠪᠯᠡᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠤᠨ᠎ᠠ | ᠃ ᠬᠤᠰᠢᠭᠤᠨ ᠤ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠤᠯᠤᠰ ᠲᠥᠷᠥ ᠶᠢᠨ ᠵᠥᠪᠯᠡᠯᠭᠡᠨ ᠤ | ᠪᠠᠶᠢᠭᠤᠯᠭ᠎ᠠ ᠶᠢᠨ ︽ᠨᠢᠭᠡ ᠠᠯᠪᠠᠨ ᠭᠡᠷ ᠳᠥᠷᠪᠡᠨ ᠵᠥᠪᠯᠡᠯ︾ ᠢ ︽ᠠᠯᠪᠠᠨ ᠭᠡᠷ ᠵᠢᠷᠭᠤᠭᠠᠨ ᠵᠥᠪᠯᠡᠯ︾ ᠪᠣᠯᠭᠠᠨ | ᠰᠢᠯᠢᠳᠡᠭᠵᠢᠭᠦᠯᠦᠨ ᠲᠣᠬᠢᠷᠠᠭᠤᠯᠬᠤ ᠶᠢᠨ ᠬᠠᠮᠲᠤ᠂ ᠡᠯ᠎ᠡ ᠲᠤᠰᠬᠠᠢ ᠵᠥᠪᠯᠡᠯ ᠤᠨ ︽ᠡᠭᠦᠷᠭᠡ ᠶᠢᠨ ᠠᠵᠢᠯ ᠤᠨ | ᠬᠤᠪᠢᠶᠠᠷᠢᠯᠠᠯ — ᠰᠢᠪᠠᠳᠠᠨ ᠪᠠᠶᠢᠴᠠᠭᠠᠵᠤ ᠨᠠᠶᠢᠳᠠᠪᠤᠷᠢᠵᠢᠭᠤᠯᠬᠤ - ᠰᠤᠭᠤᠴᠢᠨ ᠪᠠᠶᠢᠴᠠᠭᠠᠵᠤ ᠪᠠᠶᠢᠴᠠᠭᠠᠬᠤ — | ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ — ᠦᠷ᠎ᠡ ᠪᠦᠲᠦᠮᠵᠢ ᠶᠢ ᠮᠥᠷᠳᠡᠨ ᠠᠰᠠᠭᠤᠬᠤ︾ ᠪᠥᠬᠦ | ᠬᠡᠯᠬᠢᠶ᠎ᠡ ᠶᠢᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ︽ᠣᠨ ᠤ ᠲᠥᠯᠥᠪᠯᠡᠭᠡ᠂ ᠤᠯᠠᠷᠢᠯ ᠤᠨ | ᠲᠣᠬᠢᠷᠠᠭᠤᠯᠤᠯᠲᠠ᠂ ᠰᠠᠷ᠎ᠠ ᠶᠢᠨ ᠲᠣᠬᠢᠷᠠᠭᠤᠯᠤᠯᠲᠠ︾ ᠶᠢᠨ ᠵᠣᠬᠢᠴᠠᠭᠤᠯᠬᠤ ᠠᠵᠢᠯ ᠤᠨ ᠲᠣᠭᠲᠠᠴᠠ ᠶᠢ | ᠪᠦᠷᠢᠨᠰᠢᠭᠦᠯᠵᠦ᠂ ᠲᠤᠰᠬᠠᠢ ᠵᠥᠪᠯᠡᠯ ᠤᠨ ᠡᠭᠦᠷᠭᠡ ᠴᠢᠳᠠᠪᠤᠷᠢ ᠶᠢ ᠨᠡᠩ ᠲᠣᠳᠣᠷᠬᠠᠢ᠂ ᠠᠵᠢᠯᠯᠠᠭᠠᠨ ᠢ ᠨᠠᠩ | ᠰᠢᠯᠤᠭᠤᠨ᠂ ᠳᠡᠭᠡᠳᠦ ᠳᠣᠣᠷᠠᠳᠤ ᠱᠠᠲᠤᠨ ᠤ ᠬᠠᠷᠢᠯᠴᠠᠭ᠎ᠠ ᠶᠢ ᠨᠡᠩ ᠨᠢᠭᠲᠠ ᠪᠣᠯᠭᠠᠵᠤ᠂ ᠰᠠᠭᠤᠷᠢ ᠴᠢᠨᠠᠷᠲᠠᠢ | ᠦᠢᠯᠡᠳᠦᠯ ᠢ ᠨᠡᠩ ᠳᠣᠪᠤᠶᠢᠮ᠎ᠠ ᠪᠣᠯᠭᠠᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠢ ᠥᠷᠨᠢᠭᠦᠯᠪᠡ᠃ ︽ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ | ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠰᠠᠬᠢᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠨᠣᠮ | ᠤᠩᠰᠢᠬᠤ ᠠᠩᠭᠢ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ᠂ ᠲᠥᠪᠯᠡᠷᠡᠭᠦᠯᠦᠨ ᠰᠤᠷᠤᠯᠴᠠᠬᠤ᠂ ᠲᠤᠰᠬᠠᠢ | ᠰᠡᠳᠦᠪᠲᠦ ᠨᠠᠮ ᠤᠨ ᠬᠢᠴᠢᠶᠡᠯ ᠣᠷᠣᠬᠤ ᠵᠡᠷᠭᠡ ᠰᠤᠷᠤᠯᠴᠠᠬᠤ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠵᠦ᠂ | ᠰᠡᠷᠡᠮᠵᠢᠯᠡᠭᠦᠯᠬᠦ ᠬᠥᠮᠦᠵᠢᠯ ᠢ ᠵᠣᠬᠢᠶᠠᠨ ᠪᠠᠶᠢᠭᠤᠯᠤᠨ ᠦᠵᠡᠵᠦ᠂ ︽ᠠᠷᠢᠭᠤᠨ ᠴᠢᠬᠡᠴᠢ ᠪᠠᠷ ᠨᠠᠮ ᠢᠶᠠᠨ ᠤᠭᠲᠤᠵᠤ | ᠪᠠᠶᠠᠷ ᠤᠨ ᠡᠳᠦᠷ ᠢ ᠤᠭᠲᠤᠬᠤ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠬᠦ | ︾ ᠭᠤᠣᠯ ᠰᠡᠳᠦᠪᠲᠦ ᠠᠷᠢᠭᠤᠨ ᠴᠢᠬᠡᠴᠢ ᠰᠣᠶᠣᠯ ᠤᠨ ᠪᠦᠲᠦᠭᠡᠯ ᠤᠨ ᠦᠵᠡᠭᠦᠯᠦᠯᠭᠡ ᠶᠢ ᠲᠣᠭᠤᠷᠢᠨ ᠦᠵᠡᠵᠦ᠂ | ᠥᠷᠭᠡᠨ ᠣᠯᠠᠨ ᠭᠡᠰᠢᠭᠦᠨ ᠪᠠ ᠪᠠᠶᠢᠭᠤᠯᠭ᠎ᠠ ᠶᠢᠨ ᠺᠠᠳ᠋ᠷ ᠤᠨ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ | ᠠᠯᠬᠤᠮ ᠴᠢᠩᠭᠠᠳᠬᠠᠪᠠ᠃ ︽ᠭᠤᠷᠪᠠᠨ ᠤᠯᠠᠨ ᠭᠤᠷᠪᠠᠨ ᠤᠳᠠᠭᠠᠨ︾ ᠪᠠ ︽ᠤᠳᠠᠭᠠᠨ᠂ ᠪᠦᠳᠦᠭᠦᠯᠢᠭ᠂ | ᠬᠠᠭᠤᠷᠮᠠᠭ︾ ᠪᠠᠶᠢᠬᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠰᠢᠢᠳᠪᠦᠷᠢᠯᠡᠬᠦ᠂ ᠬᠤᠷᠠᠯ ᠡᠷᠬᠢᠯᠡᠬᠦ᠂ ᠬᠡᠷᠡᠭ ᠡᠷᠬᠢᠯᠡᠬᠦ ᠠᠵᠢᠯ ᠤᠨ | ᠶᠠᠪᠤᠴᠠ ᠶᠢ ᠰᠢᠯᠢᠳᠡᠭᠵᠢᠭᠦᠯᠵᠦ᠂ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ | ᠠᠵᠢᠯ ᠤᠨ ᠳᠦᠷᠢᠮᠵᠢᠯᠲᠡ᠂ ᠵᠢᠷᠤᠮᠵᠢᠭᠤᠯᠤᠯᠲᠠ᠂ ᠲᠡᠰ ᠳᠠᠷᠠᠭᠠᠵᠢᠭᠤᠯᠤᠯᠲᠠ ᠶᠢ ᠤᠯᠠᠮ ᠨᠢᠭᠡ ᠠᠯᠬᠤᠮ | ᠪᠠᠬᠢᠵᠢᠭᠦᠯᠪᠡ᠃ | ᠢᠯᠡᠳᠬᠡᠯ ᠳᠤ ᠳᠤᠷᠠᠳᠤᠭᠰᠠᠨ ᠨᠢ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠵᠢᠯ ᠮᠥᠨ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠤᠷᠢ᠊ ᠡᠶ᠎ᠡ ᠵᠢᠴᠢ ᠲᠡᠭᠦᠨ ᠤ ᠪᠠᠶᠢᠩᠭᠤ ᠶᠢᠨ ᠬᠤᠷᠢ᠊ ᠡᠶ᠎ᠡ ᠠᠴᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠢᠮᠠᠭᠲᠠ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ | ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠬᠤᠰᠢᠭᠤᠨ ᠤ ᠨᠠᠮ ᠤᠨ | ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠲᠠᠪᠤᠳᠤᠭᠠᠷ ᠤᠳᠠᠭᠠᠨ ᠤ ᠪᠦᠬᠦ ᠭᠡᠰᠢᠭᠦᠳ ︵ | ᠥᠷᠭᠡᠳᠬᠡᠭᠰᠡᠨ︶ ᠤᠨ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ | ᠳᠤᠷᠠᠳᠤᠭᠰᠠᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠰᠢᠨ᠎ᠡ ᠴᠠᠭ ᠦᠶ᠎ᠡ ᠰᠢᠨ᠎ᠡ ᠠᠶᠠᠨ ᠳᠤ | ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠶᠢ ᠪᠠᠲᠤ ᠪᠠᠬᠢ ᠪᠣᠢ ᠪᠣᠯᠭᠠᠬᠤ ᠪᠠᠷ | ᠭᠤᠣᠯ ᠰᠢᠵᠢᠮ ᠪᠣᠯᠭᠠᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ | ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ | ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ | ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠰᠢᠨ᠎ᠡ ᠴᠠᠭ | ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠦᠨ᠎ᠡ᠃ | ᠨᠢᠭᠡ ᠳᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠨᠠᠶᠢᠳᠠᠪᠤᠷᠢᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ | ᠬᠤᠶᠠᠷ ᠲᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠣᠯᠭ᠎ᠠ ᠶᠢ ᠴᠢᠩᠭᠠᠳᠬᠠᠬᠤ ᠲᠠᠯ᠎ᠠ ᠪᠠᠷ | ᠦᠷᠭᠦᠯᠵᠢᠯᠡᠨ ᠬᠦᠴᠦᠯᠡᠬᠦ ᠬᠡᠷᠡᠭᠲᠡᠢ᠃ | ᠭᠤᠷᠪᠠ ᠳᠤ᠂ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠬᠤ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ | ᠳᠥᠷᠪᠡ ᠳᠤ᠂ ᠬᠠᠮᠲᠤ ᠶᠢᠨ ᠲᠠᠨᠢᠯᠲᠠ ᠪᠣᠯᠤᠨ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠬᠤ ᠲᠠᠯ᠎ᠠ ᠪᠠᠷ | ᠦᠷᠭᠦᠯᠵᠢᠯᠡᠨ ᠬᠦᠴᠦᠯᠡᠬᠦ ᠬᠡᠷᠡᠭᠲᠡᠢ᠃ | ᠲᠠᠪᠤ ᠳᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠠᠳ ᠲᠦᠮᠡᠨ ᠤ ᠲᠥᠯᠥᠭᠡ ᠦᠷᠭᠦᠯᠵᠢᠯᠡᠨ | ᠬᠦᠴᠦᠯᠡᠬᠦ ᠶᠢ ᠠᠬᠢᠭᠤᠯᠤᠨ᠎ᠠ᠃ | ᠵᠢᠷᠭᠤᠭ᠎ᠠ᠂ ᠭᠡᠰᠢᠭᠦᠳ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠲᠠᠯ᠎ᠠ ᠪᠠᠷ | ᠦᠷᠭᠦᠯᠵᠢᠯᠡᠨ ᠬᠦᠴᠦᠯᠡᠬᠦ ᠬᠡᠷᠡᠭᠲᠡᠢ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠱᠧᠩ ᠭᠠᠩ ᠶᠡᠭᠡ | ᠬᠤᠷᠠᠯ ᠳᠤ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠰᠠᠨᠠᠯ ᠳᠤᠷᠠᠳᠤᠯᠭ᠎ᠠ ᠶᠢᠨ ᠠᠵᠢᠯ ᠤᠨ | ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃ | ᠨᠢᠭᠡ ᠵᠢᠯ ᠤᠨ ᠲᠤᠷᠰᠢ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠮᠠᠨ ᠤ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠪᠠ | ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠲᠠᠢ ᠨᠢᠭᠲᠠ | ᠤᠶᠠᠯᠳᠤᠭᠤᠯᠤᠨ᠂ ᠨᠡᠶᠢᠲᠡ 112 ᠬᠤᠪᠢ ᠰᠠᠨᠠᠯ ᠳᠤᠷᠠᠳᠤᠯᠭ᠎ᠠ ᠳᠤᠷᠠᠳᠴᠤ᠂ 65 ᠬᠤᠪᠢ ᠰᠠᠨᠠᠯ | ᠳᠤᠷᠠᠳᠤᠯᠭ᠎ᠠ ᠶᠢ ᠬᠢᠨᠠᠨ ᠪᠠᠶᠢᠴᠠᠭᠠᠵᠤ ᠳᠡᠩᠰᠡᠯᠡᠵᠦ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ ᠨᠢ | 100% ᠳᠤ ᠬᠦᠷᠪᠡ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢᠨ ᠲᠥᠯᠥᠭᠡ | ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠨᠡᠶᠢᠭᠡᠮ ᠤᠨ | ᠵᠠᠰᠠᠯᠲᠠ ᠳᠠᠬᠢ ᠳᠠᠪᠠᠭᠤᠯᠢᠭ ᠢ ᠪᠠᠳᠠᠷᠠᠭᠤᠯᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ | ᠲᠠᠯᠪᠢᠪᠠ᠃ | ᠼᠠᠢ ᠪᠦᠦ ᠵᠢᠶᠦ᠋ᠨ ᠶᠠᠷᠢᠶᠠᠨ ᠳᠠᠭᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠭᠦᠢᠴᠡᠳ | ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠪᠦᠬᠦ ᠤᠯᠤᠰ ᠲᠥᠷᠥ ᠶᠢᠨ ᠬᠠᠯᠠᠭᠤᠨ ᠰᠡᠳᠬᠢᠯᠭᠡ ᠪᠠ ᠨᠡᠶᠢᠭᠡᠮ ᠤᠨ ᠣᠷᠭᠢᠯᠤᠮ᠎ᠠ | ᠬᠠᠯᠠᠭᠤᠨ ᠰᠡᠳᠬᠢᠯᠭᠡ ᠪᠠᠷ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠤᠨ ᠲᠣᠭᠤᠷᠢᠨ ᠳᠤ᠂ | ᠬᠤᠰᠢᠭᠤᠨ ᠤ ᠨᠠᠮ ᠤᠨ ᠬᠤᠷᠢ᠊ ᠡᠶ᠎ᠡ᠂ ᠬᠤᠰᠢᠭᠤᠨ ᠤ ᠵᠠᠰᠠᠭ ᠤᠨ ᠣᠷᠳᠣᠨ ᠤ ᠭᠤᠣᠯ ᠠᠵᠢᠯ ᠪᠠ ᠠᠷᠠᠳ ᠣᠯᠠᠨ ᠤ | ᠨᠡᠶᠢᠳᠡᠮ ᠠᠩᠬᠠᠷᠴᠤ ᠪᠠᠶᠢᠭ᠎ᠠ ᠨᠡᠶᠢᠭᠡᠮ ᠤᠨ ᠠᠰᠠᠭᠤᠳᠠᠯ ᠲᠠᠢ ᠨᠢᠭᠲᠠ ᠤᠶᠠᠯᠳᠤᠭᠤᠯᠤᠨ᠂ ︽ᠤᠯᠤᠰ ᠲᠥᠷᠥ ᠶᠢᠨ | ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ | ᠬᠡᠷᠡᠭ ᠢ ᠵᠥᠪᠯᠡᠬᠦ︾ ᠭᠤᠷᠪᠠᠨ ᠶᠡᠭᠡ ᠡᠭᠦᠷᠭᠡ ᠴᠢᠳᠠᠪᠤᠷᠢ ᠶᠢ ᠨᠠᠷᠢᠨ ᠬᠢᠨᠠᠮᠠᠭᠠᠢ ᠭᠦᠢᠴᠡᠳᠬᠡᠵᠦ᠂ ᠮᠠᠰᠢ ᠣᠯᠠᠨ | ᠳᠡᠭᠡᠳᠦ ᠬᠡᠮᠵᠢᠶᠡᠨ ᠤ᠂ ᠭᠦᠨᠵᠡᠭᠡᠢ ᠰᠠᠨᠠᠭᠤᠯᠭ᠎ᠠ ᠳᠤᠷᠠᠳᠴᠤ᠂ ᠠᠷᠠᠳ ᠣᠯᠠᠨ ᠤ ᠰᠡᠳᠬᠢᠯ ᠬᠠᠨᠤᠮᠵᠢᠲᠠᠢ ᠪᠣᠳᠠᠲᠤ | ᠶᠠᠪᠤᠳᠠᠯ᠂ ᠰᠠᠶᠢᠨ ᠶᠠᠪᠤᠳᠠᠯ ᠬᠢᠵᠦ᠂ ᠠᠷᠠᠳᠴᠢᠯᠠᠯ ᠢᠶᠠᠷ ᠵᠥᠪᠯᠡᠯᠭᠡ ᠬᠢᠬᠦ ᠶᠢ ᠠᠮᠢᠳᠤᠯᠢᠭ ᠪᠣᠯᠭᠠᠬᠤ ᠶᠢ ᠠᠬᠢᠭᠤᠯᠵᠤ᠂ | ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠬᠦᠴᠦ ᠣᠷᠣᠭᠤᠯᠵᠤ᠂ ᠡᠯ᠎ᠡ ᠵᠦᠢᠯ ᠤᠨ ᠠᠵᠢᠯ ᠢ ᠴᠥᠮ ᠴᠡᠭ ᠲᠤ | ᠭᠢᠰᠬᠢᠵᠦ᠂ ᠭᠦᠨᠵᠡᠭᠡᠢ ᠰᠦᠪᠡᠭᠴᠢᠯᠡᠵᠦ᠂ ᠪᠣᠳᠠᠲᠠᠢ ᠵᠥᠪᠯᠡᠵᠦ᠂ ᠥᠷᠭᠡᠨ ᠣᠯᠠᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠪᠠ ᠴᠠᠭ ᠦᠶ᠎ᠡ ᠶᠢᠨ ᠴᠤᠭ ᠵᠢᠪᠬᠤᠭ᠎ᠠ ᠶᠢ ᠭᠦᠢᠴᠡᠳ | ᠢᠯᠡᠷᠡᠬᠦᠯᠬᠦ ᠭᠡᠷᠡᠭᠲᠡᠢ᠃ |