ᠰᠢ ᠶᠢᠨ ᠫᠢᠩ ᠬᠢᠨᠠᠨ ᠪᠣᠳᠣᠬᠤ ᠠᠵᠢᠯ ᠳᠤ ᠴᠢᠬᠤᠯᠠ ᠵᠢᠭᠠᠪᠤᠷᠢ ᠥᠭᠴᠦ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠴᠢᠨᠠᠷ ᠰᠠᠶᠢᠲᠠᠢ ᠬᠢᠨᠠᠨ ᠪᠣᠳᠣᠬᠤ ᠬᠢᠨᠠᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2025/1/11
   ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠬᠢᠨᠠᠨ ᠪᠣᠳᠣᠬᠤ ᠠᠵᠢᠯ ᠤᠨ ᠲᠤᠬᠠᠢ ᠴᠢᠬᠤᠯᠠ ᠵᠢᠭᠠᠪᠤᠷᠢ ᠥᠭᠴᠦ ᠂ ᠬᠢᠨᠠᠨ ᠪᠣᠳᠣᠬᠤ ᠪᠣᠯ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠣᠶᠢᠷ᠎ᠠ ᠶᠢᠨ ᠵᠢᠯ ᠠᠴᠠ᠂ ᠬᠢᠨᠠᠨ ᠪᠣᠳᠣᠬᠤ ᠪᠠᠶᠢᠭᠤᠯᠭ᠎ᠠ ᠶᠢᠨ ᠬᠢᠨ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ ᠠᠵᠤ ᠠᠬᠤᠢ ᠶᠢᠨ ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠤᠯᠤᠰ ᠤᠨ ᠠᠵᠤ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠠᠶᠤᠯ ᠲᠦᠭᠰᠢᠭᠦᠷᠢ ᠭᠡᠮ ᠰᠣᠭᠤᠭ ᠢ ᠢᠯᠡᠷᠡᠭᠦᠯᠬᠦ᠂ ᠢᠯᠵᠢᠷᠡᠯ ᠢ ᠡᠰᠡᠷᠭᠦᠴᠡᠵᠦ ᠰᠠᠮᠠᠭᠤᠷᠠᠯ ᠢ ᠵᠠᠰᠠᠬᠤ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ᠃    ᠰᠢ ᠶᠢᠨ ᠫᠢᠩ᠂ ᠰᠢᠨ᠎ᠡ ᠠᠶᠠᠨ ᠵᠠᠮ ᠳᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶᠠᠨ ᠤ ᠬᠢᠨᠠᠨ ᠪᠣᠳᠣᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠥᠪᠯᠡᠷᠡᠩᠭᠦᠢ ᠨᠢᠭᠡᠳᠦᠯᠲᠡᠢ᠂ ᠪᠦᠬᠦ ᠲᠠᠯ᠎ᠠ ᠶᠢ ᠬᠠᠮᠤᠷᠤᠭᠰᠠᠨ᠂ ᠡᠷᠬᠡ ᠰᠥᠷ ᠲᠠᠢ ᠥᠨᠳᠥᠷ ᠪᠦᠲᠦᠮᠵᠢᠲᠡᠢ ᠬᠢᠨᠠᠨ ᠪᠣᠳᠣᠵᠤ ᠬᠢᠨᠠᠯᠲᠠ ᠲᠠᠯᠪᠢᠬᠤ ᠰᠢᠰᠲ᠋ᠧᠮ ᠢ ᠬᠦᠴᠦᠯᠡᠨ ᠪᠠᠶᠢᠭᠤᠯᠵᠤ᠂ ᠬᠢᠨᠠᠨ ᠪᠣᠳᠣᠵᠤ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠢᠨᠠᠨ ᠪᠣᠳᠣᠵᠤ ᠬᠢᠨᠠᠯᠲᠠ ᠲᠠᠯᠪᠢᠬᠤ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠪᠦᠬᠦ ᠤᠯᠤᠰ ᠤᠨ ᠬᠢᠨᠠᠨ ᠪᠣᠳᠣᠬᠤ ᠠᠵᠢᠯ ᠤᠨ ᠬᠤᠷᠠᠯ ᠵᠢᠴᠢ ᠪᠦᠬᠦ ᠤᠯᠤᠰ ᠤᠨ ᠬᠢᠨᠠᠨ ᠪᠣᠳᠣᠬᠤ ᠪᠠᠶᠢᠭᠤᠯᠤᠯᠭ᠎ᠠ ᠶᠢᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ 1 ᠳ᠋ᠦ᠋ᠭᠡᠷ ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠪᠥᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠦ᠋ ᠵᠧᠩ ᠯᠦᠩ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠵᠤ᠂ ᠪᠦᠬᠦ ᠤᠯᠤᠰ ᠤᠨ ᠬᠢᠨᠠᠨ ᠪᠣᠳᠣᠬᠤ ᠪᠠᠶᠢᠭᠤᠯᠭ᠎ᠠ ᠶᠢᠨ 80 ᠲᠡᠷᠢᠭᠦᠨ ᠤ ᠬᠠᠮᠲᠤ᠂ 45 ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号