ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2025/1/13
   1 ᠰᠠᠷ᠎ᠠ ᠶᠢᠨ 12 ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠬᠤᠰᠢᠭᠤᠨ ᠤ ᠬᠤᠷᠴᠢᠨ ᠤ ᠰᠤᠷᠲᠠᠯ ᠤᠬᠠᠭᠤᠯᠭ᠎ᠠ ᠰᠣᠶᠣᠯ ᠤᠨ ᠲᠥᠪ ᠤᠨ ᠶᠣᠰᠣᠯᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠡᠬᠢᠯᠡᠪᠡ᠃ ᠶᠣᠰᠣᠯᠠᠯ ᠤᠨ ᠲᠠᠩᠬᠢᠮ ᠳᠤ ᠲᠥᠪ ᠶᠡᠬᠡᠮᠰᠦᠭ ᠪᠣᠷᠣᠭᠵᠢᠭᠤᠨ ᠪᠠᠶᠢᠵᠤ᠂ ᠬᠥᠷ ᠬᠥᠭᠵᠢᠶᠡᠨ ᠢᠶᠠᠷ ᠪᠢᠯᠬᠠᠵᠤ᠂ ᠲᠡᠷᠢᠭᠦᠯᠡᠭᠴᠢ ᠶᠢᠨ ᠲᠠᠶᠢᠰᠠᠨ ᠤ ᠬᠥᠰᠢᠭᠡ ᠶᠢᠨ ᠭᠤᠣᠯ ᠳᠤᠮᠳᠠᠬᠢ ᠤᠯᠤᠰ ᠤᠨ ᠰᠦᠯᠳᠡ ᠬᠤᠷᠴᠠ ᠤᠯᠠᠭᠠᠨ ᠲᠤᠭ ᠤᠨ ᠳᠣᠣᠷ᠎ᠠ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃    ᠪᠦᠬᠦ ᠬᠤᠰᠢᠭᠤᠨ ᠤ ᠡᠯ᠎ᠡ ᠹᠷᠣᠨᠲ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠭᠦᠷᠭᠡᠯᠡᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠷᠠᠳ ᠣᠯᠠᠨ ᠤ ᠣᠷᠣᠯᠠᠨ ᠥᠭᠦᠯᠡᠵᠦ᠂ ᠠᠵᠤ ᠠᠬᠤᠢ ᠶᠢᠨ ᠬᠥᠭᠵᠢᠯᠲᠡ ᠳᠤ ᠵᠠᠮ ᠱᠤᠭᠤᠮ ᠢ ᠡᠵᠡᠮᠳᠡᠵᠦ᠂ ᠨᠡᠶᠢᠭᠡᠮ ᠤᠨ ᠳᠠᠪᠰᠢᠯᠲᠠ ᠶᠢᠨ ᠲᠥᠯᠥᠭᠡ ᠠᠷᠭ᠎ᠠ ᠤᠬᠠᠭᠠᠨ ᠭᠠᠷᠭᠠᠵᠤ᠂ ᠵᠣᠷᠢᠭᠲᠠᠢ ᠪᠠᠷ ᠤᠷᠤᠭᠰᠢᠯᠠᠬᠤ ᠡᠷᠡᠰ ᠵᠣᠷᠢᠭ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠪᠡ᠃ ᠬᠤᠰᠢᠭᠤᠨ ᠤ ᠤᠳᠤᠷᠢᠳᠤᠯᠭ᠎ᠠ ᠼᠠᠢ ᠪᠦᠦ ᠵᠢᠶᠦ᠋ᠨ᠂ ᠪᠦᠦ ᠬᠥᠭᠵᠢᠯᠲᠦ᠂ ᠴᠡᠩᠭᠡᠯᠲᠦ᠂ ᠲᠦᠩ ᠬᠤᠩ ᠶᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠯᠢᠶᠠᠨ ᠰᠢ᠂ ᠬᠠᠰ᠂ ᠵᠠᠩ ᠶᠢᠨ ᠱᠤᠸᠠᠩ᠂ ᠯᠢ ᠬᠤᠩ ᠢᠦᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠨᠡᠷ᠎ᠡ ᠳᠤᠷᠠᠳᠤᠭᠰᠠᠨ ᠵᠢᠱᠢᠭᠳᠡᠭᠴᠢ ᠺᠠᠩ ᠯᠢᠶᠠᠨ ᠢ ᠶᠡᠭᠡ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠬᠤᠰᠢᠭᠤᠨ ᠤ ᠤᠳᠤᠷᠢᠳᠤᠯᠭ᠎ᠠ ᠴᠧᠨ ᠴᠢᠩ ᠬᠤᠸᠠ᠂ ᠮᠠᠨᠳᠤᠯ᠎ᠠ᠂ ᠹᠧᠩ ᠵᠢᠶᠠᠨ ᠵᠦᠩ᠂ ᠲᠦᠩ ᠴᠢᠩ ᠴᠦᠨ᠂ ᠵᠢᠶᠠ ᠵᠢᠢ ᠾᠦᠢ᠂ ᠴᠧᠨ ᠯᠢ ᠭᠦᠸᠧ᠂ ᠸᠠᠩ ᠼᠠᠢ ᠰᠢᠶᠠ᠂ ᠸᠠᠩ ᠶᠢᠨ ᠪᠦᠦ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠲᠠᠢ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃    ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 197 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 166 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠰᠢ ᠡᠯ᠎ᠡ ᠭᠠᠵᠠᠷ ᠤᠨ ᠳᠡᠰ ᠤᠨ ᠤᠳᠤᠷᠢᠳᠤᠯᠭ᠎ᠠ᠂ ᠰᠤᠮᠤ ᠪᠠᠯᠭᠠᠰᠤᠨ ᠤ ᠨᠠᠮ ᠵᠠᠰᠠᠭ ᠤᠨ ᠵᠢᠩᠬᠢᠨᠢ ᠲᠤᠰᠢᠶᠠᠯᠲᠠᠨ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠬᠡᠯᠲᠡᠰ ᠵᠥᠪᠯᠡᠯ ᠤᠨ ᠠᠯᠪᠠᠨ ᠭᠡᠷ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠡᠯ᠎ᠡ ᠲᠣᠮᠢᠯᠠᠭᠰᠠᠨ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ᠂ ᠭᠤᠷᠪᠠᠨ ᠱᠠᠲᠤᠨ ᠤ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠰᠢᠭᠤᠳ ᠬᠠᠮᠢᠶᠠᠷᠬᠤ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠭᠤᠣᠯ ᠬᠠᠷᠢᠭᠤᠴᠠᠯᠭᠠᠲᠠᠨ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢ᠊ ᠡᠶ᠎ᠡ ᠶᠢᠨ ᠳᠥᠷᠪᠡᠳᠦᠭᠡᠷ ᠬᠤᠷᠠᠯ ᠳᠤ ᠣᠷᠣᠯᠴᠠᠭᠰᠠᠨ ᠭᠡᠰᠢᠭᠦᠳ ᠶᠡᠭᠡ ᠬᠤᠷᠠᠯ ᠳᠤ ᠰᠤᠯᠠ ᠣᠷᠣᠯᠴᠠᠪᠠ᠃    ᠦᠳᠡ ᠶᠢᠨ ᠡᠮᠦᠨᠡᠬᠢ 9 ᠴᠠᠭ ᠲᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠴᠡᠩᠭᠡᠯᠳᠦ ᠬᠤᠷᠠᠯ ᠢ ᠡᠷᠬᠢᠯᠡᠭᠰᠡᠨ ᠪᠥᠭᠡᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠡᠬᠢᠯᠡᠭᠰᠡᠨ ᠢ ᠵᠠᠷᠯᠠᠪᠠ᠃ ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠳᠠᠭᠤᠤ︾ ᠶᠢ ᠬᠥᠭᠵᠢᠮᠳᠡᠨ ᠳᠠᠭᠤᠯᠠᠪᠠ᠃    ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃    ᠢᠯᠡᠳᠬᠡᠯ ᠢ ᠨᠡᠶᠢᠲᠡ ᠬᠤᠶᠠᠷ ᠬᠡᠰᠡᠭ ᠬᠤᠪᠢᠶᠠᠪᠠ᠄ 2024 ᠣᠨ ᠤ ᠠᠵᠢᠯ ᠤᠨ ᠡᠷᠭᠢᠴᠡᠭᠦᠯᠦᠯ︔ 2025 ᠣᠨ ᠤ ᠠᠵᠢᠯ ᠤᠨ ᠲᠣᠬᠢᠷᠠᠭᠤᠯᠤᠯᠲᠠ᠃ ᠪᠣᠣ ᠬᠦᠭᠵᠢᠯᠳᠦ ᠢᠯᠡᠳᠬᠡᠯ ᠳᠡᠭᠡᠨ᠂ 2024 ᠣᠨ ᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢ᠊ ᠡᠶ᠎ᠡ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ᠂ ︽ᠲᠠᠪᠤᠨ ᠬᠤᠰᠢᠭᠤᠨ ᠤ ᠪᠠᠶᠢᠯᠳᠤᠬᠤ ᠪᠣᠳᠣᠯᠭ᠎ᠠ︾ ᠶᠢ ᠭᠦᠨᠵᠡᠭᠡᠶᠢᠷᠡᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠪᠠᠶᠢᠳᠠᠯ ᠢᠯᠡᠷᠡᠵᠡᠢ ᠭᠡᠵᠦ ᠵᠢᠭᠠᠵᠤ ᠭᠠᠷᠭᠠᠪᠠ᠃    ᠪᠦᠦ ᠬᠦᠭᠵᠢᠯᠲᠦ ᠢᠯᠡᠳᠬᠡᠯ ᠳᠡᠭᠡᠨ᠂ ᠶᠡᠷᠦᠩᠬᠡᠶᠢᠯᠡᠭᠰᠡᠨ ᠠᠵᠤ ᠠᠬᠤᠢ ᠲᠣᠭᠲᠠᠭᠤᠨ ᠢᠶᠠᠷ ᠠᠵᠢᠯᠯᠠᠵᠤ ᠪᠠᠶᠢᠨ᠎ᠠ ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 96 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8 % ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 61 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠪᠦᠲᠦᠴᠡ ᠶᠢ ᠨᠠᠩ ᠲᠡᠩᠴᠡᠭᠦᠷᠢᠲᠡᠢ ᠪᠣᠯᠭᠠᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 15 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 43% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 10.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 4% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 1.84 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 6.4% ᠪᠠᠷ ᠨᠡᠮᠡᠭᠳᠡᠨ᠂ ᠣᠷᠣᠯᠭ᠎ᠠ ᠶᠢᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠲᠤᠰ ᠲᠤᠰ 6.4% ᠪᠠ 8.7% ᠪᠠᠷ ᠨᠡᠮᠡᠭᠳᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号