ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠡᠯᠡᠳᠭᠡᠯ ᠠᠵᠢᠯ ᠤᠨ ᠳᠤᠭᠤᠶᠢᠯᠠᠩ ᠲᠥᠯᠥᠭᠡᠯᠡᠭᠴᠢᠳ ᠤᠨ ᠪᠦᠯᠬᠦᠮ ᠤᠨ ᠬᠠᠷᠢᠭᠤᠴᠠᠯᠭᠠᠲᠠᠨ ᠪᠦᠯᠬᠦᠮ ᠳᠠᠭᠠᠭᠰᠠᠨ ᠠᠵᠢᠯᠲᠠᠳ ᠤᠨ ᠬᠠᠷᠢᠭᠤᠴᠠᠯᠭᠠᠲᠠᠨ ᠪᠣᠯᠤᠨ ᠶᠡᠭᠡ ᠬᠤᠷᠠᠯ ᠤᠨ ᠠᠵᠢᠯ ᠤᠨ ᠪᠠ‍‌ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠡᠯᠡᠳᠭᠡᠯ ᠠᠵᠢᠯ ᠤᠨ ᠳᠤᠭᠤᠶᠢᠯᠠᠩ ᠲᠥᠯᠥᠭᠡᠯᠡᠭᠴᠢᠳ ᠤᠨ ᠪᠦᠯᠬᠦᠮ ᠤᠨ ᠬᠠᠷᠢᠭᠤᠴᠠᠯᠭᠠᠲᠠᠨ ᠪᠦᠯᠬᠦᠮ ᠳᠠᠭᠠᠭᠰᠠᠨ ᠠᠵᠢᠯᠲᠠᠳ ᠤᠨ ᠬᠠᠷᠢᠭᠤᠴᠠᠯᠭᠠᠲᠠᠨ ᠪᠣᠯᠤᠨ ᠶᠡᠭᠡ ᠬᠤᠷᠠᠯ ᠤᠨ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠬᠤᠷᠠᠯ ᠬᠤᠷᠠᠯᠳᠤᠭᠤᠯᠪᠠᠵᠢᠭᠤᠯᠤᠮᠵᠢ ᠶᠢᠨ ᠬᠠᠷᠢᠭᠤᠴᠠᠯᠭᠠᠲᠠᠨ ᠤ ᠬᠤᠷᠠᠯ ᠬᠤᠷᠠᠯᠳᠤᠭ᠋᠊
ᠨᠡᠶᠢᠲᠡᠯᠡᠭᠰᠡᠨ ᠴᠠᠭ᠄
2025/1/13
   1 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠡᠯᠡᠳᠭᠡᠯ ᠠᠵᠢᠯ ᠤᠨ ᠳᠤᠭᠤᠶᠢᠯᠠᠩ ᠲᠥᠯᠥᠭᠡᠯᠡᠭᠴᠢᠳ ᠤᠨ ᠪᠦᠯᠬᠦᠮ ᠤᠨ ᠬᠠᠷᠢᠭᠤᠴᠠᠯᠭᠠᠲᠠᠨ᠂ ᠪᠦᠯᠬᠦᠮ ᠳᠠᠭᠠᠭᠰᠠᠨ ᠠᠵᠢᠯᠳᠠᠳ ᠤᠨ ᠬᠠᠷᠢᠭᠤᠴᠠᠯᠭᠠᠲᠠᠨ ᠪᠣᠯᠤᠨ ᠶᠡᠭᠡ ᠬᠤᠷᠠᠯ ᠤᠨ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠬᠤᠷᠠᠯ ᠬᠤᠷᠠᠯᠳᠤᠭᠤᠯᠪᠠ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ᠂ ᠪᠡᠯᠡᠳᠭᠡᠯ ᠠᠵᠢᠯ ᠤᠨ ᠳᠤᠭᠤᠶᠢᠯᠠᠩ ᠤᠨ ᠳᠠᠷᠤᠭ᠎ᠠ ᠯᠢᠨ ᠱᠤᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠪᠡᠯᠡᠳᠭᠡᠯ ᠠᠵᠢᠯ ᠤᠨ ᠳᠤᠭᠤᠶᠢᠯᠠᠩ ᠤᠨ ᠳᠡᠳ᠋ ᠳᠠᠷᠤᠭ᠎ᠠ ᠵᠠᠩ ᠱᠤᠤ ᠴᠦᠨ ᠬᠤᠷᠠᠯ ᠳᠤ ᠣᠷᠣᠯᠴᠠᠵᠠᠶ᠃ ᠬᠤᠷᠠᠯ ᠠᠴᠠ ᠬᠠᠮᠢᠶ᠎ᠠ ᠪᠦᠬᠦᠢ ᠪᠠᠶᠢᠳᠠᠯ ᠢ ᠮᠡᠳᠡᠭᠳᠡᠪᠡ᠃    ᠬᠤᠷᠠᠯ ᠠᠴᠠ᠂ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠡᠨᠡ ᠤᠳᠠᠭ᠎ᠠ ᠶᠢᠨ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠴᠢᠬᠤᠯᠠ ᠠᠴᠢ ᠬᠤᠯᠪᠣᠭᠳᠠᠯ ᠢ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠡᠬᠦᠷᠬᠡ ᠬᠠᠷᠢᠭᠤᠴᠠᠯᠭᠠᠲᠤ ᠰᠡᠳᠭᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠥᠨᠳᠥᠷ ᠤᠯᠤᠰ ᠲᠦᠷᠦ ᠶᠢᠨ ᠵᠣᠭᠰᠣᠴᠠ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠶᠡᠭᠡ ᠬᠤᠷᠠᠯ ᠤᠨ ᠠᠵᠢᠯ ᠤᠨ ᠡᠯ᠎ᠡ ᠬᠦᠷᠢᠶ᠎ᠠ ᠴᠠᠷᠠᠭ᠎ᠠ ᠡᠯ᠎ᠡ ᠭᠤᠭᠴᠤᠭ᠎ᠠ ᠡᠯ᠎ᠡ ᠲᠠᠯ᠎ᠠ ᠳᠤ ᠪᠦᠬᠦ ᠲᠠᠯ᠎ᠠ ᠪᠠᠷ᠂ ᠰᠢᠰᠲ᠋ᠧᠮ ᠲᠠᠢ᠂ ᠪᠦᠬᠦᠯᠢ ᠴᠣᠭᠴᠠ ᠪᠠᠷ ᠨᠠᠶᠢᠳᠠᠪᠤᠷᠢᠵᠢᠭᠤᠯᠵᠤ᠂ ᠨᠠᠮ ᠤᠨ ᠵᠣᠷᠢᠯᠲᠠ ᠶᠢ ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠢᠶᠠᠷ ᠳᠠᠮᠵᠢᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠬᠤ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠯ᠎ᠡ ᠵᠦᠢᠯ ᠤᠨ ᠮᠡᠳᠡᠭᠦᠯᠦᠯᠲᠡ ᠶᠢ ᠲᠦᠯᠦᠭᠡᠯᠡᠭᠴᠢᠳ ᠰᠠᠶᠢᠲᠤᠷ ᠬᠢᠨᠠᠨ ᠵᠥᠪᠯᠡᠬᠦ ᠶᠢ ᠪᠠᠲᠤᠯᠠᠵᠤ᠂ ᠰᠣᠩᠭᠤᠭᠤᠯᠢ ᠬᠢᠬᠦ᠂ ᠪᠠᠲᠤᠯᠠᠯᠳᠠ ᠬᠢᠬᠦ ᠠᠵᠢᠯ ᠢ ᠴᠢᠩᠭ᠎ᠠ ᠨᠢᠮᠪᠠᠢ ᠰᠠᠶᠢᠲᠤᠷ ᠬᠢᠵᠦ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠬᠡᠬᠡᠵᠤ ᠳᠤᠮᠳᠠ ᠲᠦᠪᠰᠢᠨ ᠳᠤ ᠣᠷᠣᠬᠤ︾ ᠭᠤᠣᠯ ᠠᠵᠢᠯ ᠶᠡᠭᠡ ᠲᠠᠯ᠎ᠠ ᠵᠢᠴᠢ ᠨᠡᠶᠢᠭᠡᠮ ᠤᠨ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠤᠨ ᠲᠣᠭᠤᠷᠢᠨ ᠳᠤ ᠴᠢᠨᠠᠷ ᠰᠠᠶᠢᠲᠠᠢ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠢ᠃ ᠶᠡᠭᠡ ᠬᠤᠷᠠᠯ ᠤᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢ ᠬᠠᠮᠠᠭᠠᠯᠠᠬᠤ ᠪᠠ ᠰᠣᠨᠢᠨ ᠮᠡᠳᠡᠭᠡᠨ ᠤ ᠰᠤᠷᠳᠡᠯ ᠤᠬᠠᠭᠤᠯᠭ᠎ᠠ ᠵᠡᠷᠭᠡ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠴᠢᠬᠤᠯᠠ ᠴᠢᠨᠡᠷ ᠢ ᠴᠢᠩᠭᠠᠳᠬᠠᠵᠤ᠂ ᠶᠡᠭᠡ ᠬᠤᠷᠠᠯ ᠢ ᠲᠣᠭᠲᠠᠭᠰᠠᠨ ᠬᠤᠭᠤᠴᠠᠭᠠᠨ ᠳᠤ ᠬᠤᠷᠠᠯᠳᠤᠭᠤᠯᠵᠤ᠂ ᠲᠡᠭᠦᠰ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号