ᠲᠠᠩ ᠵᠢᠩ᠄ ᠬᠡᠬᠦᠳᠡᠭ ᠴᠡᠭᠡᠵᠢᠨ ᠳᠡᠭᠡᠨ ᠤᠷᠠᠨ ᠳᠠᠷᠬᠠᠨ ᠤ ᠰᠡᠳᠬᠢᠯ ᠲᠠᠢ
ᠨᠡᠶᠢᠲᠡᠯᠡᠭᠰᠡᠨ ᠴᠠᠭ᠄
2025/1/16
   ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠡᠷᠡ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠠᠷᠠᠳ ᠤᠨ ᠰᠠᠨᠠᠯ ᠢ ᠰᠣᠨᠣᠰᠴᠤ᠂ ᠠᠷᠭ᠎ᠠ ᠤᠬᠠᠭᠠᠨ ᠭᠠᠷᠭᠠᠵᠤ᠂ ᠰᠤᠷᠭᠠᠨ ᠬᠥᠮᠥᠵᠢᠭᠦᠯᠦᠭᠴᠢᠳ ᠤᠨ ᠬᠠᠯᠠᠭᠤᠨ ᠰᠡᠳᠬᠢᠯᠭᠡ ᠪᠠ ᠡᠷᠡᠰ ᠪᠠᠲᠤ ᠪᠠᠶᠢᠵᠤ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠲᠠᠰᠤᠷᠠᠯᠲᠠ ᠥᠬᠡᠶ ᠬᠥᠭᠵᠢᠨ ᠳᠠᠪᠰᠢᠬᠤ ᠶᠢ ᠲᠦᠯᠬᠢᠨ ᠠᠬᠢᠭᠤᠯᠬᠤ ᠪᠣᠯ ᠳᠠᠷᠤᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠩ ᠵᠢᠩ ᠪᠣᠯᠤᠨ᠎ᠠ᠃    ᠪᠠᠶᠠᠨᠬᠤᠰᠢᠭᠤ ᠲᠠᠪᠤᠳᠤᠭᠠᠷ ᠪᠠᠭ᠎ᠠ ᠰᠤᠷᠭᠠᠭᠤᠯᠢ ᠳᠤ ᠬᠦᠷᠬᠦ ᠳᠤ᠂ ᠪᠠᠶᠠᠷ ᠬᠦᠷ ᠲᠠᠢ ᠪᠠᠷ ᠪᠠᠶᠠᠷᠯᠠᠨ ᠢᠨᠢᠶᠡᠬᠦ ᠳᠠᠭᠤᠨ ᠰᠤᠷᠭᠠᠭᠤᠯᠢ ᠶᠢᠨ ᠬᠦᠷᠢᠶᠡᠨ ᠳᠤ ᠴᠤᠤᠷᠢᠶᠠᠲᠤᠵᠤ᠂ ᠲᠠᠩ ᠵᠢᠩ ᠤᠨ ᠪᠡᠶ᠎ᠡ ᠪᠠᠷ᠎ᠠ ᠰᠤᠷᠭᠠᠭᠤᠯᠢ ᠶᠢᠨ ᠡᠯ᠎ᠡ ᠥᠨᠴᠥᠭ ᠪᠤᠯᠤᠩ ᠢᠶᠠᠷ ᠶᠠᠪᠤᠵᠤ᠂ ᠰᠤᠷᠭᠠᠭᠤᠯᠢ ᠶᠢᠨ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠭᠰᠡᠨ ᠠᠴᠠ ᠨᠠᠰᠢ᠂ ᠲᠡᠷᠡ ᠮᠥᠨ ᠬᠦ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠪᠠᠶᠢᠬᠤ ᠶᠢ ᠪᠠᠷᠢᠮᠲᠠᠯᠠᠭᠰᠠᠭᠠᠷ ᠪᠠᠶᠢᠨ᠎ᠠ᠂ ᠤᠴᠢᠷ ᠨᠢ ᠲᠡᠷᠡ ᠵᠥᠪᠬᠡᠨ ᠬᠢᠴᠢᠶᠡᠯ ᠤᠨ ᠲᠠᠩᠬᠢᠮ ᠳᠤ ᠦᠨᠳᠦᠰᠦᠯᠡᠪᠡᠯ ᠰᠠᠶ᠋ᠢ ᠪᠠᠭᠰᠢ ᠰᠤᠷᠤᠭᠴᠢᠳ ᠤᠨ ᠬᠡᠷᠡᠭᠴᠡᠭᠡ ᠶᠢ ᠭᠦᠨᠵᠡᠭᠡᠢ ᠣᠶᠢᠯᠠᠭᠠᠵᠤ ᠴᠢᠳᠠᠨ᠎ᠠ᠃    ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠲᠠᠩ ᠵᠢᠩ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠪᠠ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠡᠬᠢᠯᠡᠨ ᠬᠡᠷᠡᠭᠵᠢᠭᠦᠯᠦᠭᠰᠡᠨ ︽ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢᠨ ᠬᠠᠷᠠᠯᠲᠠ ᠡᠭᠦᠷᠭᠡ ᠶᠢᠨ ᠲᠣᠭᠤᠷᠢᠨ ᠳᠤ᠂ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠬᠡᠷᠬᠢᠨ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠳᠠᠰᠬᠠᠯ ᠢ ᠬᠡᠷᠬᠢᠨ ᠵᠢᠷᠤᠵᠤ ᠲᠥᠯᠥᠪᠯᠡᠬᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠡᠷᠬᠢᠨ ᠪᠦᠲᠦᠮᠵᠢᠲᠡᠢ ᠳᠡᠭᠡᠭᠰᠢᠯᠡᠭᠦᠯᠬᠦ᠂ ᠡᠷᠳᠡᠮ ᠴᠢᠳᠠᠪᠤᠷᠢ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠪᠠᠭᠰᠢ ᠶᠢᠨ ᠡᠩᠨᠡᠭᠡ ᠶᠢ ᠬᠡᠷᠬᠢᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠢᠳᠡᠪᠬᠢᠲᠡᠢ ᠰᠥᠪᠡᠭᠴᠢᠯᠡᠯᠲᠡ ᠪᠠ ᠦᠢᠯᠡᠳᠦᠯᠭᠡ ᠬᠢᠵᠦ᠂ ᠪᠦᠲᠦᠮᠵᠢᠲᠡᠢ ᠠᠵᠢᠯ ᠤᠨ ᠦᠷ᠎ᠡ ᠪᠦᠲᠦᠭᠡᠯ ᠣᠯᠪᠠ᠃    ᠲᠠᠩ ᠵᠢᠩ ᠦᠷᠭᠦᠯᠵᠢ ᠠᠮᠠᠷᠠᠯᠲᠠ ᠶᠢᠨ ᠴᠠᠭ ᠢᠶᠠᠨ ᠠᠰᠢᠭᠯᠠᠨ ᠰᠤᠷᠤᠭᠴᠢᠳ ᠤᠨ ᠭᠡᠷ ᠲᠤ ᠬᠦᠷᠴᠦ ᠰᠤᠷᠪᠤᠯᠵᠢᠯᠠᠨ᠂ ᠭᠡᠷ ᠤᠨ ᠠᠬᠠᠮᠠᠳ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠨᠠᠷᠢᠨ ᠬᠢᠨᠠᠮᠠᠭᠠᠢ ᠲᠡᠮᠳᠡᠭᠯᠡᠬᠦ ᠶᠢᠨ ᠬᠠᠮᠲᠤ ᠴᠠᠭ ᠲᠤᠬᠠᠢ ᠳᠤᠨᠢ ᠬᠠᠷᠢᠭᠤ ᠲᠤᠰᠬᠠᠵᠤ᠂ ᠵᠠᠰᠠᠭ ᠤᠨ ᠣᠷᠳᠣᠨ ᠬᠢᠭᠡᠳ ᠣᠯᠠᠨ ᠲᠦᠮᠡᠨ ᠢ ᠬᠤᠯᠪᠣᠬᠤ ᠬᠥᠭᠦᠷᠭᠡ ᠪᠣᠯᠬᠤ ᠪᠠᠷ ᠴᠢᠷᠮᠠᠶᠢᠨ᠎ᠠ᠃ ᠰᠤᠷᠤᠭᠴᠢᠳ ᠤᠨ ᠭᠡᠷ ᠤᠨ ᠠᠬᠠᠮᠠᠳ ᠰᠦᠸᠧ ᠶᠢᠨ ᠬᠤᠸᠠ᠄ ︽ᠲᠠᠩ ᠰᠤᠷᠭᠠᠭᠤᠯᠢ ᠶᠢᠨ ᠵᠠᠬᠢᠷᠤᠯ ᠣᠨᠴᠠᠭᠠᠢ ᠨᠠᠷᠢᠨ ᠬᠢᠨᠠᠮᠠᠭᠠᠢ ᠬᠠᠷᠢᠭᠤᠴᠠᠵᠤ᠂ ᠬᠡᠦᠬᠡᠳ ᠤᠨ ᠰᠤᠷᠤᠯᠭ᠎ᠠ ᠠᠮᠢᠳᠤᠷᠠᠯ ᠢ ᠬᠠᠯᠠᠮᠵᠢᠯᠠᠬᠤ ᠪᠠᠷ ᠪᠠᠷᠠᠬᠤ ᠦᠭᠡᠢ᠂ ᠪᠠᠰᠠ ᠦᠷᠭᠦᠯᠵᠢ ᠪᠢᠳᠡᠨ ᠲᠠᠢ ᠨᠡᠪᠲᠡᠷᠡᠯᠴᠡᠨ ᠰᠣᠯᠢᠯᠴᠠᠵᠤ᠂ ᠬᠡᠦᠬᠡᠳ ᠤᠨ ᠬᠢᠴᠢᠶᠡᠯ ᠪᠡᠶᠡᠯᠡᠭᠦᠯᠦᠭᠰᠡᠨ ᠪᠠᠶᠢᠳᠠᠯ ᠢ ᠲᠡᠷᠡ ᠣᠨᠴᠠᠭᠠᠢ ᠠᠩᠬᠠᠷᠴᠤ᠂ ᠦᠵᠡᠯ ᠰᠠᠨᠠᠭᠠᠨ ᠤ ᠪᠠᠶᠢᠳᠠᠯ ᠢ ᠲᠡᠷᠡ ᠪᠠᠰᠠ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠮᠠᠰᠢ ᠴᠢᠬᠤᠯᠠᠴᠢᠯᠠᠵᠤ᠂ ᠡᠳᠦᠷ ᠲᠤᠲᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠠᠴᠠ ᠭᠠᠳᠠᠨ᠎ᠠ᠂ ᠲᠡᠷᠡ ᠪᠠᠰᠠ ᠦᠷᠭᠦᠯᠵᠢ ᠡᠯᠪᠡᠭ ᠪᠠᠶᠠᠯᠢᠭ ᠬᠢᠴᠢᠶᠡᠯ ᠤᠨ ᠭᠠᠳᠠᠨᠠᠬᠢ ᠬᠥᠳᠡᠯᠭᠡᠭᠡᠨ ᠢ ᠵᠣᠬᠢᠶᠠᠨ ᠪᠠᠶᠢᠭᠤᠯᠵᠤ᠂ ᠬᠡᠦᠬᠡᠳ ᠤᠳ ᠲᠤ ᠨᠡᠩ ᠣᠯᠠᠨ ᠦᠢᠯᠡᠳᠦᠯᠭᠡ ᠶᠢᠨ ᠠᠵᠠ ᠲᠣᠬᠢᠶᠠᠯ ᠪᠠ ᠦᠰᠦᠨ ᠪᠤᠶᠢᠵᠢᠯᠲᠠ ᠶᠢᠨ ᠣᠷᠣᠨ ᠵᠠᠢ ᠶᠢ ᠬᠠᠩᠭᠠᠭᠰᠠᠨ ᠪᠠᠶᠢᠨ᠎ᠠ︾ ᠭᠡᠵᠡᠢ᠃     ᠲᠠᠩ ᠵᠢᠩ ᠳᠡᠳ᠋ ᠰᠤᠷᠭᠠᠭᠤᠯᠢ ᠶᠢᠨ ᠳᠠᠷᠤᠭ᠎ᠠ ᠪᠣᠯᠬᠤ ᠮᠥᠷᠲᠡᠭᠡᠨ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠳᠠᠪᠬᠤᠷ ᠲᠤᠰᠢᠶᠠᠯ ᠬᠠᠷᠢᠭᠤᠴᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠰᠤᠷᠭᠠᠭᠤᠯᠢ ᠶᠢᠨ ᠤᠳᠤᠷᠢᠳᠤᠯᠭ᠎ᠠ᠂ ᠪᠠᠭᠰᠢ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠵᠢᠭᠠᠨ ᠰᠤᠷᠭᠠᠯᠲᠠ ᠶᠢᠨ ᠠᠵᠢᠯ ᠤᠨ ᠴᠢᠯᠥᠭᠡ ᠪᠠᠷ ᠢᠶᠠᠨ ᠰᠤᠷᠪᠤᠯᠵᠢᠯᠠᠬᠤ᠂ ᠪᠠᠶᠢᠴᠠᠭᠠᠨ ᠰᠤᠳᠤᠯᠤᠯᠲᠠ ᠬᠢᠬᠦ᠂ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠠᠷᠠᠳ ᠤᠨ ᠪᠠᠶᠢᠳᠠᠯ ᠢ ᠥᠷᠭᠡᠨ ᠢᠶᠠᠷ ᠣᠶᠢᠯᠠᠭᠠᠵᠤ᠂ ᠠᠷᠠᠳ ᠤᠨ ᠰᠠᠨᠠᠭ᠎ᠠ ᠶᠢ ᠡᠮᠬᠢᠳᠬᠡᠵᠦ᠂ ᠠᠷᠭ᠎ᠠ ᠪᠣᠳᠣᠯᠭ᠎ᠠ ᠶᠢᠨ ᠬᠥᠮᠦᠵᠢᠯ ᠢ ᠠᠰᠠᠭᠤᠪᠠ᠃ ᠲᠡᠷᠡ ᠬᠢᠴᠢᠶᠡᠯ ᠤᠨ ᠲᠠᠩᠬᠢᠮ᠂ ᠵᠢᠭᠠᠨ ᠰᠤᠳᠤᠯᠬᠤ ᠳᠤᠭᠤᠶᠢᠯᠠᠩ᠂ ᠰᠤᠷᠤᠭᠴᠢᠳ ᠤᠨ ᠳᠤᠮᠳᠠ ᠭᠦᠨᠵᠡᠭᠡᠶᠢᠷᠡᠵᠦ᠂ ᠲᠡᠳᠡᠨ ᠤ ᠬᠦᠰᠡᠯ ᠡᠷᠡᠮᠡᠯᠵᠡᠯ᠂ ᠬᠡᠷᠡᠭᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ ᠢ ᠣᠶᠢᠯᠠᠭᠠᠵᠤ᠂ ᠲᠡᠳᠡᠨ ᠤ ᠰᠠᠨᠠᠯ ᠪᠠ ᠰᠠᠨᠠᠭᠤᠯᠭ᠎ᠠ ᠶᠢ ᠬᠤᠷᠢᠶᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠭᠤᠯᠢ ᠶᠢ ᠡᠷᠬᠢᠯᠡᠬᠦ ᠶᠢᠨ ᠲᠥᠯᠥᠭᠡ᠂ ᠲᠡᠷᠡ ᠴᠠᠭ ᠢᠮᠠᠭᠲᠠ ᠬᠠᠷᠢᠭᠤᠴᠠᠯᠭ᠎ᠠ ᠪᠠᠨ ᠮᠥᠷᠥᠨ ᠳᠡᠭᠡᠷ᠎ᠡ ᠪᠠᠨ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠰᠡᠳᠬᠢᠯ ᠳᠡᠭᠡᠨ ᠬᠠᠳᠠᠩᠰᠢᠭᠤᠯᠪᠠ᠃ ᠪᠠᠶᠠᠨᠬᠤᠰᠢᠭᠤ ᠲᠠᠪᠤᠳᠤᠭᠠᠷ ᠪᠠᠭ᠎ᠠ ᠰᠤᠷᠭᠠᠭᠤᠯᠢ ᠶᠢᠨ ᠪᠠᠭᠰᠢ ᠲᠠᠢ ᠰᠠᠷᠠᠭᠤᠯ᠄ ︽ᠪᠢᠳᠡ ᠠᠵᠢᠯ ᠤᠨ ᠳᠤᠮᠳᠠ ᠬᠦᠴᠢᠷ ᠠᠰᠠᠭᠤᠳᠠᠯ ᠲᠤᠯᠭᠠᠷᠠᠪᠠᠯ᠂ ᠲᠠᠩ ᠵᠠᠬᠢᠷᠤᠯ ᠶᠡᠷᠦ ᠨᠢ ᠪᠢᠳᠡᠨ ᠢ ᠬᠠᠪᠰᠤᠷᠤᠨ ᠭᠤᠭᠴᠤᠭ᠎ᠠ ᠨᠢᠭᠡᠪᠦᠷᠢ ᠶᠢ ᠵᠠᠳᠠᠯᠵᠤ᠂ ᠪᠢᠳᠡᠨ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠶᠢᠨ ᠬᠠᠮᠲᠤ ᠰᠤᠷᠭᠠᠭᠤᠯᠢ ᠶᠢᠨ ᠵᠠᠬᠢᠷᠤᠯ ᠪᠠᠰᠠ ᠪᠢᠳᠡᠨ ᠢ ᠠᠵᠢᠯ ᠤᠨ ᠳᠤᠮᠳᠠ ᠬᠦᠴᠢᠷᠳᠡᠯ ᠣᠷᠣᠰᠢᠵᠤ ᠪᠠᠶᠢᠬᠤ ᠡᠰᠡᠬᠦ ᠶᠢ ᠠᠰᠠᠭᠤᠵᠤ᠂ ᠰᠤᠷᠭᠠᠭᠤᠯᠢ ᠪᠣᠯᠤᠨ ᠰᠤᠷᠤᠭᠴᠢᠳ ᠲᠤ ᠶᠠᠮᠠᠷ ᠶᠠᠮᠠᠷ ᠨᠡᠩ ᠰᠠᠶᠢᠨ ᠰᠠᠨᠠᠭᠤᠯᠭ᠎ᠠ ᠪᠠ ᠰᠠᠨᠠᠯ ᠲᠠᠯᠪᠢᠵᠠᠢ ᠂ ᠲᠠᠩ ᠰᠤᠷᠭᠠᠭᠤᠯᠢ ᠶᠢᠨ ᠵᠠᠬᠢᠷᠤᠯ ᠥᠪᠡᠷ ᠤᠨ ᠠᠵᠢᠯᠯᠠᠭ᠎ᠠ ᠪᠠᠷ ᠢᠶᠠᠨ ᠰᠤᠷᠭᠠᠨ ᠬᠥᠮᠦᠵᠢᠯ ᠤᠨ ᠦᠨᠡᠨ ᠶᠣᠰᠣ ᠶᠢ ᠲᠠᠶᠢᠯᠪᠤᠷᠢᠯᠠᠪᠠ᠂ ᠪᠢ ᠳᠠᠩ ᠰᠤᠷᠭᠠᠭᠤᠯᠢ ᠶᠢᠨ ᠵᠠᠬᠢᠷᠤᠯ ᠢᠶᠠᠷ ᠲᠣᠯᠢ ᠪᠣᠯᠭᠠᠵᠤ᠂ ᠥᠪᠡᠷ ᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠣᠯᠠᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃     ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ᠲᠠᠩ ᠵᠢᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠣᠬᠢᠶᠠᠨ ᠪᠠᠶᠢᠭᠤᠯᠤᠭᠰᠠᠨ ᠡᠯ᠎ᠡ ᠵᠦᠢᠯ ᠤᠨ ᠪᠠᠶᠢᠴᠠᠭᠠᠨ ᠰᠤᠳᠤᠯᠤᠯᠲᠠ᠂ ᠪᠠᠶᠢᠴᠠᠭᠠᠨ ᠦᠵᠡᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ︽ᠬᠡᠦᠬᠡᠳ ᠤᠨ ᠰᠤᠷᠭᠠᠭᠤᠯᠢ ᠳᠤ ᠰᠠᠭᠤᠬᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠰᠠᠭᠤᠳᠠᠯ ᠢ ᠪᠢᠳᠡ ᠴᠢᠬᠤᠯᠠᠴᠢᠯᠠᠬᠤ ᠬᠡᠷᠡᠭᠲᠡᠢ︾ ᠭᠡᠵᠡᠢ᠃ ︽ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠪᠠᠭ᠋ᠠᠨ ᠬᠥᠭᠰᠢᠷᠡᠵᠦ ᠪᠠᠶᠢᠨ᠎ᠠ︾ ᠭᠡᠪᠡ᠃ ᠡᠳᠡᠭᠡᠷ ᠣᠯᠠᠨ ᠲᠦᠮᠡᠨ ᠤ ᠳᠠᠭᠤ ᠶᠢ ᠴᠥᠮ ᠰᠡᠳᠬᠢᠯ ᠳᠡᠭᠡᠨ ᠲᠡᠮᠳᠡᠭᠯᠡᠵᠡᠢ᠃ ᠲᠡᠷᠡ ︽ᠠᠵᠤ ᠠᠬᠤᠢ ᠶᠢᠨ ᠬᠥᠭᠵᠢᠭᠡᠳᠦᠢ ᠭᠠᠵᠠᠷ ᠣᠷᠣᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠪᠠ ᠣᠳᠣᠬᠢᠴᠢᠯᠠᠭᠰᠠᠨ ᠵᠢᠭᠠᠨ ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠲᠤᠬᠠᠢ ᠰᠠᠨᠠᠭᠤᠯᠭ᠎ᠠ︾ ᠪᠠ ︽ᠣᠷᠣᠨ ᠤ ᠳᠣᠲᠣᠷᠠᠬᠢ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠲᠤᠬᠠᠢ ᠰᠠᠨᠠᠭᠤᠯᠭ᠎ᠠ︾ ᠵᠡᠷᠭᠡ ᠵᠥᠪᠯᠡᠯᠭᠡ ᠶᠢ ᠳᠤᠷᠠᠳᠪᠠ᠃    ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠶᠠᠨᠬᠤᠰᠢᠭᠤ ᠲᠠᠪᠤᠳᠤᠭᠠᠷ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠲᠠᠩ ᠵᠢᠩ᠄ ︽ᠠᠷᠠᠳ ᠤᠨ ᠪᠠᠭᠰᠢ ᠢᠦᠢ ᠬᠤᠸᠠ ᠳ᠋ᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠤ ᠲᠥᠯᠥᠭᠡ ᠪᠠᠶᠢᠨ᠎ᠠ᠂ ᠬᠤᠶᠠᠭᠤᠯᠠ ᠶᠢᠨ ᠪᠡᠶ᠎ᠡ ᠭᠠᠷᠤᠯ ᠳᠠᠪᠬᠤᠴᠠᠭᠰᠠᠨ ᠤ ᠳᠠᠷᠠᠭ᠎ᠠ᠂ ᠪᠢ ᠮᠠᠰᠢ ᠣᠮᠣᠭᠰᠢᠵᠤ ᠪᠠᠶᠢᠨ᠎ᠠ᠂ ᠬᠤᠶᠢᠰᠢᠳᠠ ᠬᠦᠨᠳᠦ ᠡᠭᠦᠷᠭᠡ ᠪᠠᠨ ᠦᠷᠭᠦᠯᠵᠢᠯᠡᠨ ᠨᠠᠷᠢᠨ ᠬᠢᠨᠠᠮᠠᠭᠠᠢ ᠭᠦᠢᠴᠡᠳᠬᠡᠵᠦ᠂ ᠬᠤᠶᠢᠰᠢᠳᠠ ᠪᠢ ᠦᠷᠭᠦᠯᠵᠢᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠤᠷᠭᠠᠨ ᠬᠥᠮᠦᠵᠢᠯ ᠤᠨ ᠠᠵᠢᠯ ᠤᠨ ᠳᠤᠮᠳᠠᠬᠢ ᠵᠢᠱᠢᠶᠡᠴᠢ ᠳᠠᠭᠠᠭᠤᠯᠤᠭᠴᠢ ᠪᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠰᠤᠷᠭᠠᠨ ᠬᠥᠮᠦᠵᠢᠯ ᠤᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠠᠩᠬᠠᠷᠴᠤ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠥᠷᠭᠡᠨ ᠳᠡᠯᠭᠡᠷ ᠭᠦᠨᠵᠡᠭᠡᠢ ᠣᠶᠢᠯᠠᠭᠠᠵᠤ ᠂ ᠳᠤᠷᠠᠲᠠᠶ᠎ᠠ ᠰᠢᠭᠤᠳ ᠶᠠᠷᠢᠵᠤ᠂ ᠴᠢᠳᠠᠮᠠᠭᠠᠢ ᠪᠠᠷ ᠰᠠᠨᠠᠯ ᠵᠥᠪᠯᠡᠯᠭᠡ ᠳᠤᠷᠠᠳᠴᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号