ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠳᠤᠯᠠᠭᠠᠨ ᠢᠨᠵᠧᠨᠧᠷᠢᠩ︾ ᠢ | ᠬᠡᠷᠡᠭᠵᠢᠭᠦᠯᠦᠭᠰᠡᠨ ᠠᠴᠠ ᠨᠠᠰᠢ᠂ ᠡᠪᠦᠯ ᠤᠨ ᠤᠯᠠᠷᠢᠯ ᠤᠨ ᠢᠯᠴᠢ ᠬᠠᠩᠭᠠᠬᠤ ᠳᠤ ᠴᠢᠭᠯᠡᠭᠦᠯᠦᠨ᠂ ᠥᠨᠳᠥᠷ | ᠪᠦᠲᠦᠮᠵᠢᠲᠡᠢ᠂ ᠠᠮᠤᠷ ᠲᠦᠪᠰᠢᠨ ᠢᠯᠴᠢ ᠬᠠᠩᠭᠠᠬᠤ ᠪᠠᠲᠤᠯᠠᠭ᠎ᠠ ᠶᠢᠨ ᠰᠢᠰᠲ᠋ᠧᠮ ᠢ ᠲᠦᠷᠭᠡᠪᠴᠢᠯᠡᠨ | ᠪᠠᠶᠢᠭᠤᠯᠬᠤ ᠠᠴᠠ ᠭᠠᠷᠳᠠᠵᠤ᠂ ᠢᠯᠴᠢ ᠬᠠᠩᠭᠠᠬᠤ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ | ᠲᠥᠷᠥᠯ ᠵᠦᠢᠯ ᠢ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠪᠠᠷ ᠬᠤᠷᠳᠤᠴᠠ ᠶᠢ ᠲᠦᠷᠭᠡᠳᠬᠡᠨ᠂ ᠠᠷᠠᠳ ᠤᠨ | ᠠᠮᠢᠳᠤᠷᠠᠯ ᠤᠨ ᠢᠯᠴᠢ ᠬᠠᠩᠭᠠᠬᠤ ︽ᠳᠤᠯᠠᠭᠠᠴᠠ︾ ᠶᠢ ᠪᠦᠲᠦᠮᠵᠢᠲᠡᠢ ᠳᠡᠭᠡᠭᠰᠢᠯᠡᠭᠦᠯᠵᠦ᠂ ᠦᠨᠡᠨ | ᠰᠡᠳᠬᠢᠯ ᠠᠴᠠ ᠪᠠᠨ ︽ᠳᠤᠯᠠᠭᠠᠯᠠᠭ᠎ᠠ︾ ᠶᠢ ᠪᠣᠳᠠᠲᠠᠢ ᠪᠠᠷ ᠨᠠᠷᠢᠨ ᠪᠢᠴᠢᠪᠡ᠃ | ᠣᠶᠢᠷ᠎ᠠ ᠳᠤ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠤᠨ ᠬᠠᠨ ᠠᠭᠤᠯᠠ ᠨᠡᠶᠢᠭᠡᠮ ᠲᠣᠭᠤᠷᠢᠭ ᠤᠨ ᠵᠢᠢ ᠶᠠ ᠲᠧᠩ ᠪᠠᠭ᠎ᠠ | ᠲᠣᠭᠤᠷᠢᠭ ᠲᠤ ᠬᠦᠷᠴᠦ᠂ ᠰᠠᠭᠤᠭᠠᠯᠢ ᠠᠷᠠᠳ ᠵᠢᠷᠠᠨᠲᠠᠢ ᠶᠢᠨ ᠭᠡᠷ ᠲᠤ ᠬᠠᠯᠠᠭᠤᠨ ᠳᠤᠯᠠᠭᠠᠨ ᠪᠠᠶᠢᠪᠠ᠃ ︽︿ | ᠳᠤᠯᠠᠭᠠᠨ ᠢᠨᠵᠧᠨᠧᠷᠢᠩ﹀ ᠢ ᠬᠡᠷᠡᠭᠵᠢᠭᠦᠯᠬᠦ ᠪᠠᠷ ᠳᠠᠮᠵᠢᠭᠤᠯᠤᠨ᠂ ᠢᠯᠴᠢ ᠬᠠᠩᠭᠠᠬᠤ ᠳᠤᠯᠠᠭᠠᠨ ᠤ ᠬᠡᠮᠵᠢᠶ᠎ᠡ ᠶᠢ ᠨᠡᠩ | ᠲᠣᠭᠲᠠᠭᠤᠨ ᠪᠣᠯᠭᠠᠵᠤ᠂ ᠮᠥᠨ ᠴᠦ ᠭᠡᠷ ᠪᠦᠯᠢ ᠥᠩᠭᠡᠷᠡᠭᠰᠡᠨ ᠵᠢᠯ ᠤᠳ ᠠᠴᠠ ᠨᠡᠩ ᠳᠤᠯᠠᠭᠠᠨ ᠪᠣᠯᠬᠤ ᠶᠢ ᠮᠡᠳᠡᠵᠦ | ᠴᠢᠳᠠᠨ᠎ᠠ᠂ ᠡᠨᠡ ᠬᠦ ᠢᠨᠵᠧᠨᠧᠷᠢᠩ ᠢ ᠬᠡᠷᠡᠭᠵᠢᠭᠦᠯᠦᠭᠰᠡᠨ ᠨᠢ ᠮᠠᠨ ᠤ ᠠᠷᠠᠳ ᠤᠨ ᠰᠡᠳᠬᠢᠯ ᠳᠤ ᠦᠨᠡᠨ ᠬᠦ | ᠳᠤᠯᠠᠭᠠᠬᠠᠨ ᠪᠠᠶᠢᠨ᠎ᠠ︾ ᠭᠡᠵᠡᠢ᠃ | ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠳᠤᠯᠠᠭᠠᠨ ᠬᠠᠩᠭᠠᠬᠤ | ᠢᠨᠵᠧᠨᠧᠷᠢᠩ︾ ᠢ ᠬᠡᠷᠡᠭᠵᠢᠭᠦᠯᠦᠭᠰᠡᠨ ᠨᠢ ᠭᠤᠣᠯᠳᠠᠭᠤ ᠢᠯᠴᠢ ᠬᠠᠩᠭᠠᠬᠤ ᠳᠣᠪᠤᠶᠢᠮ᠎ᠠ ᠠᠰᠠᠭᠤᠳᠠᠯ ᠤᠨ | ᠲᠣᠭᠤᠷᠢᠨ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠯᠴᠢ ᠰᠣᠯᠢᠯᠴᠠᠬᠤ ᠥᠷᠲᠡᠭᠡ ᠶᠢ | ᠰᠢᠨ᠎ᠡ ᠪᠠᠷ ᠪᠠᠶᠢᠭᠤᠯᠬᠤ ᠵᠢᠴᠢ ᠢᠯᠴᠢ ᠬᠠᠩᠭᠠᠬᠤ ᠬᠤᠭᠤᠯᠠᠢ ᠱᠤᠭᠤᠮ ᠢ ᠰᠢᠨ᠎ᠡ ᠪᠠᠷ ᠨᠡᠮᠡᠭᠳᠡᠭᠦᠯᠬᠦ ᠪᠠᠷ | ᠳᠠᠮᠵᠢᠭᠤᠯᠤᠨ᠂ ᠢᠯᠴᠢ ᠶᠢᠨ ᠢᠷᠡᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | 2024 ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠢᠯᠴᠢ ᠰᠣᠯᠢᠬᠤ ᠠᠩᠬᠠᠨ ᠤ | ᠥᠷᠲᠡᠭᠡ 1 ᠵᠢᠴᠢ 2 ᠢᠯᠴᠢ ᠰᠣᠯᠢᠬᠤ ᠥᠷᠲᠡᠭᠡ ᠶᠢ ᠦᠷᠭᠦᠯᠵᠢᠯᠡᠨ ᠪᠠᠶᠢᠭᠤᠯᠵᠤ᠂ ᠢᠯᠴᠢ ᠬᠠᠩᠭᠠᠬᠤ | ᠬᠤᠭᠤᠯᠠᠢ ᠶᠢᠨ ᠱᠤᠭᠤᠮ ᠢ 20 ᠺᠢᠯᠣᠮᠧᠳ᠋ᠷ ᠳᠡᠪᠢᠰᠴᠦ᠂ ᠪᠠᠭᠲᠠᠭᠠᠮᠵᠢ ᠶᠢ 350 ᠲᠦᠮᠡᠨ ᠲᠡᠭᠰᠢ ᠳᠥᠷᠪᠡᠯᠵᠢᠨ | ᠮᠧᠲᠷ ᠰᠢᠬᠠᠮ ᠨᠡᠮᠡᠭᠳᠡᠭᠦᠯᠵᠦ᠂ ᠪᠦᠬᠦ ᠬᠤᠰᠢᠭᠤᠨ ᠤ ᠢᠯᠴᠢ ᠬᠠᠩᠭᠠᠬᠤ ᠴᠢᠳᠠᠪᠤᠷᠢ ᠶᠢ ᠪᠦᠲᠦᠮᠵᠢᠲᠡᠢ | ᠳᠡᠭᠡᠭᠰᠢᠯᠡᠭᠦᠯᠪᠡ᠃ ︽2024 ᠣᠨ ᠳᠤ᠂ ᠮᠠᠨ ᠤ ᠺᠣᠮᠫᠠᠨᠢ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠵᠣᠬᠢᠴᠠᠯᠳᠤᠨ ᠬᠥᠳᠡᠯᠦᠯᠴᠡᠬᠦ ᠪᠠᠨ ᠴᠢᠩᠭᠠᠳᠬᠠᠵᠤ᠂ | ︿ᠬᠠᠶᠢᠷ᠎ᠠ ᠬᠠᠯᠠᠮᠵᠢ ᠶᠢᠨ ᠢᠨᠵᠧᠨᠧᠷᠢᠩ﹀ ᠢ ᠯᠠᠪᠳᠠᠭᠤᠨ ᠢᠶᠠᠷ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠪᠠ᠃ | ᠢᠯᠴᠢ ᠬᠠᠩᠭᠠᠭᠰᠠᠨ ᠠᠴᠠ ᠨᠠᠰᠢ᠂ ᠺᠣᠮᠫᠠᠨᠢ ᠠᠴᠠ ᠢᠯᠴᠢ ᠬᠠᠩᠭᠠᠬᠤ ᠶᠠᠰᠤ ᠴᠢᠨᠠᠷ ᠢ ᠴᠢᠩᠭ᠎ᠠ ᠠᠳᠬᠤᠵᠤ᠂ 24 | ᠴᠠᠭ ᠤᠨ ᠢᠯᠴᠢ ᠬᠠᠩᠭᠠᠬᠤ ᠦᠢᠯᠡᠴᠢᠯᠡᠭᠡ ᠶᠢ ᠪᠠᠷᠢᠮᠲᠠᠯᠠᠬᠤ ᠪᠠ ︿ᠠᠷᠠᠳ ᠢ ᠰᠤᠷᠪᠤᠯᠵᠢᠯᠠᠵᠤ ᠳᠤᠯᠠᠭᠠᠯᠠᠬᠤ﹀ | ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠵᠢᠯᠲᠠᠳ ᠢ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠭᠡᠷ ᠲᠤ | ᠭᠦᠨᠵᠡᠭᠡᠶᠢᠷᠡᠨ ᠢᠯᠴᠢ ᠬᠠᠩᠭᠠᠬᠤ ᠲᠥᠬᠦᠭᠡᠷᠦᠮᠵᠢ ᠶᠢ ᠪᠠᠶᠢᠴᠠᠭᠠᠵᠤ᠂ ᠣᠯᠵᠤ ᠮᠡᠳᠡᠭᠰᠡᠨ ᠢᠯᠴᠢ ᠬᠠᠩᠭᠠᠬᠤ | ᠠᠰᠠᠭᠤᠳᠠᠯ ᠢ ᠲᠡᠷᠡ ᠳᠠᠷᠤᠢ ᠳᠤᠨᠢ ᠰᠢᠢᠳᠪᠦᠷᠢᠯᠡᠪᠡ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠵᠥᠩ ᠶᠤᠸᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠳᠡᠳ᠋ ᠳᠠᠭᠠᠭᠠᠮᠠᠯ ᠦ᠋ ᠪᠦᠦ ᠯᠦᠩ | ᠬᠡᠯᠡᠪᠡ᠃ | ᠲᠤᠰ ᠤᠳᠠᠭᠠᠨ ᠤ ︽ᠳᠤᠯᠠᠭᠠᠨ ᠢᠨᠵᠧᠨᠧᠷᠢᠩ︾ ᠨᠢ ᠢᠯᠴᠢ ᠬᠠᠩᠭᠠᠬᠤ ᠭᠤᠣᠯ ᠲᠣᠣᠷ ᠲᠤ ᠴᠢᠭᠯᠡᠭᠦᠯᠦᠨ ᠳᠡᠰ | ᠳᠡᠪᠰᠢᠭᠦᠯᠦᠨ ᠥᠭᠡᠷᠡᠴᠢᠯᠡᠬᠦ ᠪᠠᠷ ᠪᠠᠷᠠᠬᠤ ᠦᠭᠡᠢ᠂ ᠡᠭᠦᠨ ᠤ ᠬᠠᠮᠲᠤ ᠬᠠᠭᠤᠴᠢᠨ ᠵᠢᠵᠢᠭ ᠲᠣᠭᠤᠷᠢᠭ ᠤᠨ ᠢᠯᠴᠢ | ᠬᠠᠩᠭᠠᠬᠤ ᠥᠭᠡᠷᠡᠴᠢᠯᠡᠨ ᠪᠠᠶᠢᠭᠤᠯᠬᠤ ᠲᠥᠰᠦᠯ ᠢ ᠨᠠᠷᠢᠯᠢᠬᠵᠢᠭᠤᠯᠵᠤ᠂ ᠢᠯᠴᠢ ᠶᠢᠨ ᠡᠬᠢ ᠰᠤᠷᠪᠤᠯᠵᠢ ᠶᠢ | ᠪᠠᠲᠤᠯᠠᠬᠤ᠂ ᠢᠯᠴᠢ ᠶᠢᠨ ᠲᠣᠣᠷ ᠢ ᠰᠢᠨᠡᠳᠬᠡᠬᠦ᠂ ᠤᠶᠤᠨᠴᠢᠯᠠᠭᠰᠠᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ᠂ | ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠢᠭᠡ ᠤᠳᠠᠭᠠᠨ ᠤ ᠬᠤᠭᠤᠯᠠᠢ ᠶᠢᠨ ᠲᠣᠣᠷ᠂ ᠬᠤᠶᠠᠳᠤᠭᠠᠷ ᠤᠳᠠᠭᠠᠨ ᠤ | ᠬᠤᠭᠤᠯᠠᠢ ᠶᠢᠨ ᠲᠣᠣᠷ᠂ ᠢᠯᠴᠢ ᠰᠣᠯᠢᠯᠴᠠᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠠᠰᠠᠷ ᠤᠨ ᠠᠰᠠᠷ ᠤᠨ | ᠪᠣᠰᠤᠭ᠎ᠠ ᠬᠤᠭᠤᠯᠠᠢ ᠵᠢᠴᠢ ᠡᠷᠦᠬᠡ ᠬᠤᠪᠢᠶᠠᠭᠰᠠᠨ ᠬᠤᠭᠤᠯᠠᠢ ᠶᠢ ᠥᠭᠡᠷᠡᠴᠢᠯᠡᠨ ᠵᠠᠰᠠᠵᠤ᠂ ᠪᠠᠯᠭᠠᠰᠤᠨ ᠤ | ᠰᠠᠭᠤᠭᠠᠯᠢ ᠠᠷᠠᠳ ᠲᠤ ᠭᠡᠷ ᠤᠨ ᠳᠤᠯᠠᠭᠠᠨ ᠢ ᠪᠠᠶᠢᠴᠠᠭᠠᠨ ᠬᠡᠮᠵᠢᠬᠦ ᠮᠠᠰᠢᠨ ᠢ ᠴᠠᠭ ᠲᠤᠬᠠᠢ ᠳᠤᠨᠢ ᠳᠡᠯᠭᠡᠨ | ᠦᠵᠡᠭᠦᠯᠵᠦ᠂ ᠤᠶᠤᠨᠲᠤ ᠢᠯᠴᠢ ᠬᠠᠩᠭᠠᠬᠤ ᠲᠠᠪᠴᠠᠩ ᠢᠶᠠᠷ ᠳᠠᠮᠵᠢᠭᠤᠯᠤᠨ ᠬᠡᠷᠡᠭᠯᠡᠭᠴᠢ ᠶᠢᠨ ᠭᠡᠷ ᠤᠨ ᠳᠤᠯᠠᠭᠠᠨ ᠤ | ᠬᠤᠪᠢᠷᠠᠯᠲᠠ ᠶᠢ ᠢᠯᠡᠷᠡᠭᠦᠯᠵᠦ᠂ ᠴᠠᠭ ᠲᠤᠬᠠᠢ ᠳᠤᠨᠢ ᠭᠡᠷ ᠲᠤᠨᠢ ᠬᠦᠷᠴᠦ ᠦᠢᠯᠡᠴᠢᠯᠡᠭᠡ ᠬᠠᠩᠭᠠᠪᠠ᠃ ︽2024 | ᠣᠨ ᠠᠴᠠ ᠨᠠᠰᠢ᠂ ᠪᠢᠳᠡ ︿ᠵᠢᠷᠭᠤᠭᠠᠨ ᠢᠨᠵᠧᠨᠧᠷᠢᠩ﹀ ᠢ ᠯᠠᠪᠳᠠᠭᠤᠨ ᠪᠠᠲᠤᠲᠠᠢ ᠠᠬᠢᠭᠤᠯᠵᠤ᠂ ᠶᠡᠷᠦᠩᠬᠡᠢ ᠪᠡᠯᠡ | ᠣᠷᠣᠭᠤᠯᠤᠯᠲᠠ ᠨᠢ 4.42 ᠳ᠋ᠦᠩᠰᠢᠭᠤᠷ ᠲᠥᠭᠦᠷᠢᠭ ᠤᠨ ᠳᠤᠯᠠᠭᠠᠨ ᠢᠨᠵᠧᠨᠧᠷᠢᠩ ᠤᠨ ᠴᠢᠬᠤᠯᠠ ᠶᠡᠭᠡ ᠲᠥᠷᠥᠯ | ᠵᠦᠢᠯ ᠢ 6 ᠬᠡᠷᠡᠭᠵᠢᠭᠦᠯᠵᠦ᠂ ᠢᠯᠴᠢ ᠬᠠᠩᠭᠠᠬᠤ᠂ ᠢᠯᠴᠢ ᠬᠠᠩᠭᠠᠬᠤ᠂ ᠢᠯᠴᠢ ᠬᠡᠷᠡᠭᠯᠡᠬᠦ ᠡᠷᠦᠬᠡ ᠳᠤ ᠣᠷᠣᠰᠢᠵᠤ | ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠢᠯᠴᠢ ᠬᠠᠩᠭᠠᠬᠤ ᠬᠦᠷᠢᠶᠡᠨ ᠳᠠᠬᠢ | ᠢᠯᠴᠢ ᠶᠢᠨ ᠡᠬᠢ ᠰᠤᠷᠪᠤᠯᠵᠢ ᠶᠢ ᠪᠠᠲᠤᠯᠠᠬᠤ᠂ ᠢᠯᠴᠢ ᠬᠠᠩᠭᠠᠬᠤ ᠲᠣᠣᠷ ᠢ ᠰᠢᠨᠡᠳᠬᠡᠬᠦ᠂ ᠢᠯᠴᠢ ᠬᠦᠴᠦᠨ ᠤ | ᠥᠷᠲᠡᠭᠡ ᠶᠢ ᠳᠡᠭᠡᠭᠰᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ | ᠳᠤᠲᠠᠭᠤᠳᠠᠯ ᠢ ᠨᠥᠬᠦᠪᠥᠷᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠪᠠ᠃ | ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ︿ᠳᠤᠯᠠᠭᠠᠨ ᠢᠨᠵᠧᠨᠧᠷᠢᠩ﹀ ᠤᠨ ᠭᠦᠨᠵᠡᠭᠡᠶᠢᠷᠡᠨ | ᠪᠣᠳᠠᠲᠠᠶᠢᠵᠢᠬᠤ ᠶᠢ ᠠᠬᠢᠭᠤᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠠᠵᠢᠯ ᠤᠨ ᠦᠷ᠎ᠡ ᠪᠦᠲᠦᠮᠵᠢ ᠶᠢ | ᠬᠡᠮᠵᠢᠬᠦ ᠪᠠᠷᠢᠮᠵᠢᠶ᠎ᠠ ᠪᠣᠯᠭᠠᠵᠤ᠂ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠶᠢ ᠪᠠᠲᠤᠯᠠᠨ᠎ᠠ︾ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠠᠩ ᡁᠢ ᠬᠤᠩ ᠬᠡᠯᠡᠪᠡ᠃ |