1 ᠰᠠᠷ᠎ᠠ ᠶᠢᠨ 15 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠰᠷᠢ ᠯᠠᠨᠺᠠ ᠶᠢᠨ ᠶᠡᠷᠦᠩᠬᠡᠶᠢᠯᠡᠭᠴᠢ ᠳ᠋ᠢᠰᠠᠨᠠᠶᠠᠺ ᠲᠠᠢ ᠬᠡᠯᠡᠯᠴᠡᠭᠡ ᠬᠢᠪᠡ᠃ | ᠰᠢ ᠶᠢᠨ ᠫᠢᠩ᠂ ᠳᠤᠮᠳᠠᠳᠤ ᠤᠯᠤᠰ ᠪᠣᠯᠤᠨ ᠰᠷᠢ ᠯᠠᠨᠺᠠ ᠤᠯᠠᠮᠵᠢᠯᠠᠯᠲᠤ ᠨᠥᠬᠦᠷᠯᠡᠯ ᠢ ᠪᠠᠶᠢᠭᠤᠯᠤᠬᠰᠠᠨ ᠶᠤᠮ᠃ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 68 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠢᠮᠠᠭᠲᠠ ᠡᠷᠡᠭᠦᠯ | ᠲᠣᠭᠲᠠᠪᠤᠷᠢᠳᠠᠢ ᠬᠥᠭᠵᠢᠵᠦ᠂ ᠠᠳᠠᠯᠢ ᠪᠤᠰᠤ ᠤᠯᠤᠰ ᠤᠨ ᠨᠥᠬᠦᠷᠰᠡᠭ ᠢᠶᠠᠷ ᠶᠠᠪᠤᠯᠴᠠᠬᠤ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠬᠢᠬᠦ ᠬᠡᠪ ᠳᠠᠭᠤᠷᠢᠶᠠᠯ ᠢ ᠪᠤᠢ ᠪᠣᠯᠭᠠᠪᠠ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ | ᠰᠷᠢ ᠯᠠᠨᠺᠠ ᠴᠢᠩ ᠦᠨᠡᠨᠴᠢ ᠪᠠᠷ ᠬᠠᠷᠢᠯᠴᠠᠨ ᠬᠠᠪᠰᠤᠷᠤᠯᠴᠠᠵᠤ᠂ ᠦᠶ᠎ᠡ ᠶᠢᠨ ᠦᠶ᠎ᠡ ᠳᠡᠭᠡᠨ ᠨᠥᠬᠦᠷᠰᠡᠭ ᠪᠠᠶᠢᠬᠤ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠲᠠᠰᠤᠷᠠᠯᠲᠠ ᠥᠬᠡᠶ ᠭᠦᠨᠵᠡᠭᠡᠶᠢᠷᠡᠨ ᠬᠥᠭᠵᠢᠵᠦ | ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠳᠠᠢ ᠬᠠᠮᠲᠤ ᠪᠠᠷ ᠪᠥᠲᠥᠭᠡᠨ ᠪᠠᠶᠢᠭᠤᠯᠬᠤ ᠪᠠ ᠡᠯ᠎ᠡ ᠬᠦᠷᠢᠶᠡᠨ ᠳᠠᠬᠢ | ᠰᠣᠯᠢᠯᠴᠠᠭ᠎ᠠ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ | ᠪᠣᠳᠠᠲᠠᠶ ᠠᠵᠠ ᠵᠢᠷᠭᠠᠯ ᠣᠯᠭᠤᠪᠠ᠃ ᠣᠳᠣᠬᠠᠨ ᠳᠤ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠳᠤ ᠤᠷᠢᠳᠤᠬᠢ ᠶᠢ | ᠵᠠᠯᠭᠠᠮᠵᠢᠯᠠᠨ ᠬᠤᠶᠢᠰᠢᠬᠢ ᠶᠢ ᠰᠡᠩᠭᠡᠷᠡᠬᠦᠯᠬᠦ᠂ ᠦᠡᠭᠭᠡᠷᠡᠭᠰᠡᠨ ᠢ ᠵᠠᠯᠭᠠᠮᠵᠢᠯᠠᠨ ᠢᠷᠡᠭᠡᠳᠦᠢ ᠶᠢ ᠨᠡᠭᠡᠭᠡᠭᠦ ᠲᠡᠦᠬᠡ ᠶᠢᠨ ᠠᠵᠠ | ᠲᠣᠬᠢᠶᠠᠯ ᠲᠤᠯᠭᠠᠷᠠᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠳᠤᠮᠳᠠᠳᠤ ᠰᠷᠢ | ᠯᠠᠨᠺᠠ ᠶᠢᠨ ᠬᠠᠷᠢᠯᠴᠠᠭ᠎ᠠ ᠶᠢ ᠡᠵᠡᠮᠳᠡᠵᠦ᠂ ᠳᠤᠮᠳᠠᠳᠤ ᠰᠷᠢ ᠯᠠᠨᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠬᠠᠮᠲᠤ ᠪᠠᠷ ᠪᠠᠶᠢᠭᠤᠯᠤᠶ᠎ᠠ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠢᠮᠠᠭᠲᠠ ᠰᠷᠢ ᠯᠠᠨᠺᠠ ᠶᠢ ᠡᠷᠬᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ | ᠴᠢᠬᠤᠯᠠ ᠴᠢᠭᠯᠡᠯ ᠪᠤᠯᠭᠠᠵᠤ᠂ ᠰᠷᠢ ᠯᠠᠨᠺᠠ ᠶᠢᠨ ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ ᠪᠣᠯᠤᠨ ᠨᠤᠲᠤᠭ | ᠳᠡᠪᠢᠰᠭᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠥᠩᠭᠡᠷᠡᠭᠰᠡᠨ ᠲᠠᠢ ᠪᠠᠨ ᠠᠳᠠᠯᠢ ᠪᠠᠷ ᠲᠡᠮᠵᠢᠵᠥ᠂ ᠰᠷᠢ ᠯᠠᠨᠺᠠ ᠶᠢᠨ | ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠦᠪᠡᠭᠴᠢᠯᠡᠬᠦ ᠶᠢ | ᠲᠡᠮᠵᠢᠵᠥ᠂ ᠳᠤᠷᠠᠲᠠᠶ᠎ᠠ ᠰᠷᠢ ᠯᠠᠨᠺᠠ ᠶᠢᠨ ᠬᠢᠨ ᠲᠠᠢ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ | ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠪᠠᠨ ᠰᠣᠯᠢᠯᠴᠠᠵᠤ᠂ ᠬᠤᠶᠠᠷ ᠤᠯᠤᠰ ᠤᠨ ᠡᠯ᠎ᠡ ᠰᠠᠯᠠᠭ᠎ᠠ ᠮᠥᠴᠢᠷ ᠤᠨ | ᠶᠠᠷᠢᠯᠴᠠᠭ᠎ᠠ ᠤᠯᠤᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠤᠯᠤᠰ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ | ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠨᠢ ᠰᠷᠢ | ᠯᠠᠨᠺᠠ ᠶᠢᠨ ᠬᠥᠭᠵᠢᠯᠲᠡ ᠳᠤ ᠰᠢᠨ᠎ᠡ ᠠᠵᠠ ᠲᠣᠬᠢᠶᠠᠯ ᠠᠪᠴᠢᠷᠠᠬᠤ ᠪᠣᠯᠤᠨ᠎ᠠ᠃ ᠳᠤᠮᠳᠠᠳᠤ ᠤᠯᠤᠰ ᠰᠷᠢ | ᠯᠠᠨᠺᠠ ᠶᠢᠨ ᠬᠢᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠬᠦ ᠶᠢ ᠢᠳᠡᠪᠬᠢᠲᠡᠶ | ᠳᠡᠮᠵᠢᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠶ ᠬᠠᠮᠲᠤ ᠪᠠᠷ ᠪᠥᠲᠥᠭᠡᠨ ᠪᠠᠶᠢᠭᠤᠯᠬᠤ᠂ ᠣᠲᠣ ᠦᠶ᠎ᠡ ᠶᠢᠨ | ᠬᠦᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠶ᠂ ᠲᠡᠯᠡᠶ ᠲᠠᠩᠭᠢᠰ ᠤᠨ ᠠᠵᠤ ᠠᠬᠤᠶ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠶᠢ ᠠᠬᠢᠭᠤᠯᠵᠤ᠂ ᠰᠢᠨ᠎ᠡ ᠬᠢᠯᠠᠰ ᠴᠡᠭ ᠢ ᠡᠭᠦᠳᠦᠨ᠎ᠡ᠃ ᠬᠤᠶᠠᠷ ᠲᠠᠯ᠎ᠠ ᠶᠢᠨ ᠰᠣᠶᠣᠯ ᠢᠷᠭᠡᠨᠰᠢᠯ ᠤᠨ | ᠰᠣᠯᠢᠯᠴᠠᠭ᠎ᠠ ᠶᠢ ᠴᠢᠩᠭᠠᠳᠬᠠᠵᠤ᠂ ᠬᠤᠶᠠᠷ ᠤᠯᠤᠰ ᠤᠨ ᠠᠷᠠᠳ ᠲᠦᠮᠡᠨ ᠤ ︽ᠰᠡᠳᠭᠢᠯ ᠢᠶᠠᠷ ᠢᠶᠠᠨ ᠬᠤᠯᠪᠤᠯᠳᠤᠨ | ᠨᠡᠪᠳᠡᠷᠡᠯᠴᠡᠬᠦ︾ ᠶᠢ ᠴᠢᠩᠭᠠᠳᠬᠠᠶ᠎ᠠ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ ᠬᠢᠨ ᠲᠠᠢ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯ᠎ᠠ ᠶᠢᠨ ᠪᠠᠶᠢᠭᠤᠯᠤᠮᠵᠢ ᠶᠢᠨ ᠳᠣᠲᠣᠷᠠᠬᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠬᠥᠮᠦᠨ ᠲᠥᠷᠥᠯᠬᠢᠲᠡᠨ ᠤ ᠬᠥᠭᠵᠢᠯᠲᠡ ᠳᠤ ᠬᠤᠯᠪᠣᠭᠳᠠᠬᠤ | ᠴᠢᠬᠤᠯᠠ ᠶᠡᠭᠡ ᠠᠰᠠᠭᠤᠳᠠᠯ ᠢ ᠬᠠᠮᠲᠤ ᠪᠠᠷ ᠠᠷᠭᠠᠴᠠᠭᠠᠵᠤ᠂ ᠪᠦᠬᠦ ᠪᠥᠮᠪᠥᠷᠴᠡᠭ ᠤᠨ ᠬᠦᠭᠵᠢᠵᠤ ᠪᠠᠶᠢᠭ᠎ᠠ ᠤᠯᠤᠰ ᠤᠳ ᠤᠨ | ᠬᠤᠯᠪᠣᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ | ᠪᠣᠯᠤᠨ ᠬᠥᠭᠵᠢᠯ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠴᠢᠬᠤᠯᠠᠴᠢᠯᠠᠪᠠ᠃ | ᠳ᠋ᠢᠰᠠᠨᠠᠶᠠᠺ᠂ ᠰᠢᠨ᠎ᠡ ᠵᠢᠯ ᠤᠨ ᠡᠬᠢ ᠪᠠᠷ ᠳᠤᠮᠳᠠᠳᠤ ᠤᠯᠤᠰ ᠲᠤ ᠠᠶᠢᠯᠴᠢᠯᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ | ᠰᠷᠢ ᠯᠠᠨᠺᠠ ᠶᠢᠨ ᠬᠢᠨ ᠳᠤᠮᠳᠠᠳᠤ ᠤᠯᠤᠰ ᠤᠨ ᠠᠵᠤ ᠠᠬᠤᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠰᠠᠭᠤᠷᠢ | ᠲᠥᠬᠦᠭᠡᠷᠦᠮᠵᠢ ᠵᠡᠷᠭᠡ ᠬᠦᠷᠢᠶᠡᠨ ᠳᠤ ᠣᠯᠤᠭᠰᠠᠨ ᠴᠢᠬᠤᠯᠠ ᠶᠡᠭᠡ ᠬᠥᠭᠵᠢᠯᠲᠡ ᠶᠢᠨ ᠠᠮᠵᠢᠯᠲᠠ ᠶᠢ ᠪᠢᠰᠢᠷᠡᠵᠦ ᠪᠠᠶᠢᠨ᠎ᠠ᠃ | ᠳᠤᠮᠳᠠᠳᠤ ᠤᠯᠤᠰ ᠪᠣᠯ ᠶᠡᠷᠦ ᠠᠴᠠ ᠰᠷᠢ ᠯᠠᠨᠺᠠ ᠶᠢᠨ ᠨᠠᠶᠢᠳᠠᠪᠤᠷᠢᠲᠠᠶ ᠨᠠᠶᠢᠵᠠ ᠪᠥᠭᠡᠳ ᠬᠠᠨᠢᠲᠠᠨ ᠶᠤᠮ᠃ ᠰᠷᠢ | ᠯᠠᠨᠺᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡ | ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠳᠤᠮᠳᠠᠳᠤ ᠤᠯᠤᠰ ᠠᠴᠠ ᠰᠷᠢ ᠯᠠᠨᠺᠠ ᠶᠢᠨ ᠲᠤᠰᠠᠭᠠᠷ | ᠲᠣᠭᠲᠠᠨᠢᠯ᠂ ᠡᠷᠬᠡ ᠮᠡᠳᠡᠯ ᠪᠣᠯᠤᠨ ᠵᠦᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠲᠠᠯ᠎ᠠ ᠳᠤ ᠦᠵᠡᠭᠦᠯᠦᠭᠰᠡᠨ ᠡᠷᠬᠢᠮ | ᠨᠠᠨᠳᠢᠨ ᠳᠡᠮᠵᠢᠯᠭᠡ ᠳᠤ ᠲᠠᠯᠠᠷᠬᠠᠵᠤ ᠪᠠᠶᠢᠨ᠎ᠠ᠃ ᠰᠷᠢ ᠯᠠᠨᠺᠠ ᠶᠢᠨ ᠬᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠳᠦᠬᠡᠨ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠭᠠᠵᠠᠷ ᠣᠷᠣᠨ ᠤ ᠬᠤᠯᠪᠣᠯᠳᠤᠨ ᠨᠡᠪᠲᠡᠷᠡᠯᠴᠡᠬᠦ ᠲᠦᠪᠰᠢᠨ ᠢ | ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠤ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠰᠷᠢ ᠯᠠᠨᠺᠠ ᠳᠤ | ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠂ ᠳᠤᠷᠠᠲᠠᠶ᠎ᠠ | ᠳᠤᠮᠳᠠᠳᠤ ᠤᠯᠤᠰ ᠯᠤᠭ᠎ᠠ ᠰᠠᠭᠤᠷᠢ ᠲᠥᠬᠦᠭᠡᠷᠦᠮᠵᠢ᠂ ᠡᠨᠧᠷᠭᠢ᠂ ᠬᠥᠳᠡᠭᠡ ᠠᠵᠤ ᠠᠬᠤᠢ᠂ ᠮᠥᠩᠭᠦᠨ ᠭᠦᠢᠯᠭᠡᠭᠡᠨ᠂ | ᠶᠠᠳᠠᠭᠤ ᠬᠦ᠋ᠴᠢᠷᠳᠡᠯᠳᠠᠢ ᠬᠦᠮᠦᠨ ᠠᠮᠠ ᠶᠢ ᠴᠦᠭᠡᠳᠭᠡᠬᠦ᠂ ᠲᠣᠭᠠᠴᠢᠯᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ᠂ | ᠵᠢᠭᠤᠯᠴᠢᠯᠠᠯ᠂ ᠳᠠᠯᠠᠢ ᠲᠠᠩᠭᠢᠰ᠂ ᠠᠵᠢᠯᠳᠠᠨ ᠤ ᠪᠣᠯᠪᠠᠰᠤᠷᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠨ᠎ᠠ | ᠃ ᠳᠤᠮᠳᠠᠳᠤ ᠤᠯᠤᠰ ᠪᠣᠯ ᠪᠦᠬᠦ ᠪᠥᠮᠪᠥᠷᠴᠡᠭ ᠤᠨ ᠬᠦᠭᠵᠢᠵᠤ ᠪᠠᠶᠢᠭ᠎ᠠ ᠤᠯᠤᠰ ᠤᠳ ᠤᠨ ᠴᠢᠬᠤᠯᠠ ᠬᠦᠳᠦᠯᠦᠨ | ᠳᠠᠭᠠᠭᠤᠯᠬᠤ ᠤᠯᠤᠰ ᠮᠥᠨ᠂ ᠳᠡᠯᠡᠬᠡᠢ ᠶᠢᠨ ᠬᠡᠷᠡᠭ ᠶᠠᠪᠤᠳᠠᠯ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠵᠦ ᠪᠠᠶᠢᠨ᠎ᠠ | ᠃ | ᠰᠷᠢ ᠯᠠᠨᠺᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ᠤᠯᠠᠨ ᠲᠠᠯ᠎ᠠ ᠶᠢᠨ ᠲᠠᠯᠠᠪᠤᠷ ᠲᠤ | ᠵᠣᠬᠢᠴᠠᠭᠤᠯᠭ᠎ᠠ ᠪᠠᠨ ᠴᠢᠩᠭᠠᠳᠬᠠᠵᠤ᠂ ᠬᠠᠷᠢᠯᠴᠠᠨ ᠲᠡᠮᠵᠢᠯᠴᠡᠵᠤ᠂ ᠬᠠᠮᠲᠤ ᠶᠢᠨ ᠠᠰᠢᠭ ᠲᠤᠰᠠ ᠪᠠᠨ ᠰᠠᠶᠢᠲᠤᠷ | ᠬᠠᠮᠠᠭᠠᠯᠠᠨ᠎ᠠ ᠭᠡᠵᠦ ᠢᠯᠡᠳᠭᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠳᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠥᠪᠵᠢᠭᠦᠯᠭᠡ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ | ᠤᠯᠤᠰ ᠲᠤ ᠭᠠᠷᠭᠠᠬᠤ᠂ ᠨᠡᠶᠢᠭᠡᠮ ᠠᠷᠠᠳ ᠤᠨ ᠠᠮᠢᠳᠤᠷᠠᠯ᠂ ᠰᠣᠨᠢᠨ ᠮᠡᠳᠡᠭᠡ ᠷᠠᠳᠢᠣ᠋ ᠲᠧᠯᠸᠢᠰ ᠵᠡᠷᠭᠡ ᠤᠯᠠᠨ ᠵᠦᠢᠯ ᠤᠨ | ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ | ᠲᠢᠩᠬᠢᠮ ᠳᠤ ᠳ᠋ᠢᠰᠠᠨᠠᠶᠡᠺ ᠢ ᠤᠭᠲᠤᠬᠤ ᠶᠣᠰᠣᠯᠠᠯ ᠶᠠᠪᠤᠭᠤᠯᠪᠠ᠃ | ᠲᠢᠶᠠᠨ ᠠᠨ ᠮᠤᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ | ᠬᠦᠨᠳᠦᠳᠭᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ | ᠬᠥᠭᠵᠢᠮ ᠤᠨ ᠪᠦᠯᠬᠦᠮ ᠳᠤᠮᠳᠠᠳᠤ ᠰᠷᠢ ᠯᠠᠨᠺᠠ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ | ᠳ᠋ᠢᠰᠠᠨᠠᠶᠠᠺ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ | ᠶᠣᠰᠣᠯᠠᠯ ᠤᠨ ᠠᠩᠬᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠤᠷᠤᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ | ᠳ᠋ᠢᠰᠠᠨᠠᠶᠠᠺ ᠢ ᠤᠭᠲᠤᠬᠤ ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 15 ᠤ ᠴᠠᠬᠢᠯᠭᠠᠨ ᠮᠡᠳᠡᠭᠡ︶ | |