ᠦᠭᠡᠷᠡᠴᠢᠯᠡᠯᠳᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠬᠡᠳᠦᠨ ᠴᠢᠬᠤᠯᠠ ᠶᠡᠭᠡ | ᠤᠨᠤᠯ ᠪᠠ ᠦᠢᠯᠡᠳᠦᠯᠭᠡ ᠶᠢᠨ ᠠᠰᠠᠭᠤᠳᠠᠯ | 1 ᠰᠠᠷ᠎ᠠ ᠶᠢᠨ 16 ᠤ ᠡᠳᠦᠷ ᠬᠡᠪᠯᠡᠭᠳᠡᠬᠦ 2 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ | ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ ︽ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠬᠡᠳᠦᠨ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ | ᠠᠰᠠᠭᠤᠳᠠᠯ︾ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ | ᠬᠤᠷᠠᠯ ᠠᠴᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠤ᠂ ᠥᠭᠡᠷᠡᠴᠢᠯᠡᠯᠲᠡ ᠶᠢ | ᠰᠢᠰᠲ᠋ᠧᠮ ᠲᠠᠢ ᠪᠦᠬᠦᠯᠢ ᠴᠣᠭᠴᠠ ᠪᠠᠷ ᠠᠬᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠮᠠᠨ ᠤ ᠤᠯᠤᠰ ᠤᠨ ᠥᠭᠡᠷᠡᠴᠢᠯᠡᠯᠲᠡ | ᠨᠡᠬᠡᠬᠡᠯᠳᠡ ᠶᠢᠨ ᠴᠣ ᠰᠢᠨ᠎ᠡ ᠪᠠᠶᠢᠳᠠᠯ ᠢ ᠨᠡᠬᠡᠬᠡᠭᠰᠡᠨ ᠨᠢ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠣᠭᠳᠠᠯ ᠲᠠᠢ ᠶᠤᠮ᠃ | ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠤ ᠠᠵᠢᠯ ᠴᠢᠬᠤᠯᠠ ᠶᠡᠭᠡ | ᠦᠢᠯᠡᠳᠦᠯᠭᠡ ᠶᠢᠨ ᠦᠷ᠎ᠡ ᠪᠦᠲᠦᠭᠡᠯ᠂ ᠲᠦᠷᠢᠮ ᠤᠨ ᠦᠷ᠎ᠡ ᠪᠦᠲᠦᠭᠡᠯ᠂ ᠤᠨᠤᠯ ᠤᠨ ᠦᠷ᠎ᠡ ᠪᠦᠲᠦᠭᠡᠯ ᠤᠯᠪᠠ᠂ ᠡᠨᠡ ᠪᠣᠯ | ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠳᠠ ᠶᠢᠨ ᠲᠡᠦᠬᠡᠨ ᠶᠠᠪᠤᠴᠠ ᠳᠠᠬᠢ ᠬᠠᠮᠤᠭ ᠤᠨ ᠢᠷᠠᠭᠤ ᠭᠠᠶᠢᠬᠠᠮᠰᠢᠭᠲᠤ | ᠬᠠᠭᠤᠳᠠᠰᠤ ᠶᠢᠨ ᠨᠢᠭᠡ ᠪᠣᠯᠤᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ︽ᠬᠤᠶᠠᠷ ᠶᠡᠭᠡ ᠭᠠᠶᠢᠬᠠᠮᠰᠢᠭ︾ | ᠢ ᠦᠷᠭᠦᠯᠵᠢᠯᠡᠨ ᠪᠢᠴᠢᠭᠯᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠲᠦᠷᠢᠮ ᠤᠨ ᠪᠠᠲᠤᠯᠠᠭ᠎ᠠ ᠬᠠᠩᠭᠠᠭᠰᠠᠨ | ᠪᠥᠭᠡᠳ ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠠᠲᠤ ᠪᠠᠬᠢ ᠰᠠᠭᠤᠷᠢ ᠪᠠ ᠡᠷᠬᠢᠮ | ᠨᠠᠨᠳᠢᠨ ᠲᠤᠷᠰᠢᠯᠭ᠎ᠠ ᠬᠠᠩᠭᠠᠵᠠᠢ ᠭᠡᠵᠤ ᠴᠢᠬᠤᠯᠠᠴᠢᠯᠠᠪᠠ᠃ | ᠵᠣᠬᠢᠶᠠᠯ ᠳᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠪᠣᠯ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠪᠠᠲᠤ ᠡᠵᠡᠮᠳᠡᠵᠦ᠂ ᠢᠮᠠᠭᠲᠠ ᠪᠠᠷᠢᠮᠲᠠᠯᠠᠬᠤ ᠴᠢᠬᠤᠯᠠ ᠶᠡᠭᠡ ᠵᠠᠷᠴᠢᠮ ᠮᠥᠨ᠃ | ᠲᠥᠪ ᠶᠣᠰᠣ ᠶᠢ ᠪᠠᠷᠢᠮᠳᠠᠯᠠᠬᠤ ᠪᠠ ᠰᠢᠨ᠎ᠡ ᠶᠢ ᠡᠭᠦᠳᠬᠦ ᠬᠤᠪᠢᠰᠤᠩᠭᠤᠢ ᠨᠢᠭᠡᠳᠦᠯᠳᠠᠢ᠂ ᠭᠠᠭᠴᠠ ᠬᠦ ᠲᠥᠪ ᠶᠣᠰᠣ ᠶᠢ | ᠪᠠᠷᠢᠮᠳᠠᠯᠠᠪᠠᠯ ᠰᠠᠶ᠋ᠢ ᠰᠢᠨ᠎ᠡ ᠶᠢ ᠡᠭᠦᠳᠬᠦ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠵᠤ ᠴᠢᠳᠠᠨ᠎ᠠ᠂ ᠭᠠᠭᠴᠠ | ᠬᠦ ᠦᠷᠭᠦᠯᠵᠢᠯᠡᠨ ᠰᠢᠨ᠎ᠡ ᠶᠢ ᠡᠭᠦᠳᠪᠡᠯ ᠰᠠᠶ᠋ᠢ ᠲᠥᠪ ᠶᠣᠰᠣ ᠶᠢ ᠨᠡᠩ ᠰᠠᠶᠢᠲᠤᠷ ᠪᠠᠷᠢᠮᠳᠠᠯᠠᠵᠤ ᠴᠢᠳᠠᠨ᠎ᠠ᠃ ᠮᠠᠨ ᠤ ᠬᠢᠵᠦ | ᠪᠠᠶᠢᠭ᠎ᠠ ᠥᠭᠡᠷᠡᠴᠢᠯᠡᠯᠲᠡ ᠪᠣᠯ ᠴᠢᠭᠯᠡᠯ ᠲᠠᠢ᠂ ᠵᠠᠷᠴᠢᠮ ᠲᠠᠢ ᠶᠤᠮ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠮᠠᠷᠺᠰ ᠤᠨ ᠦᠵᠡᠯ ᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ | ᠪᠠᠷᠢᠮᠲᠠᠯᠠᠵᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠵᠤ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠵᠤᠷᠢᠯᠳᠠ ᠪᠠ ᠳᠤᠰᠤᠯᠳᠠ | ᠪᠣᠯᠭᠠᠨ᠎ᠠ᠂ ᠡᠳᠡᠭᠡᠷ ᠪᠣᠯ ᠴᠥᠮ ᠦᠨᠳᠦᠰᠦᠨ ᠵᠦᠢᠯ ᠳᠤ ᠬᠤᠯᠪᠣᠭᠳᠠᠬᠤ᠂ ᠴᠢᠭᠯᠡᠯ ᠳᠤ ᠬᠤᠯᠪᠣᠭᠳᠠᠬᠤ᠂ ᠠᠯᠤᠰ | ᠢᠷᠡᠭᠡᠳᠦᠢ ᠳᠤ ᠬᠤᠯᠪᠣᠭᠳᠠᠬᠤ ᠵᠦᠢᠯ ᠮᠥᠨ᠂ ᠨᠠᠮ ᠤᠨ ᠰᠢᠨᠵᠢ ᠴᠢᠨᠠᠷ ᠪᠠ ᠵᠣᠷᠢᠯᠲᠠ ᠶᠢ ᠢᠯᠡᠷᠡᠭᠦᠯᠵᠤ᠂ ᠮᠠᠨ ᠤ | ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠵᠦ᠂ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠨ᠎ᠠ᠂ | ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠤ ᠴᠤ ᠤᠭᠳᠤ ᠭᠤᠶᠢᠪᠢᠯᠵᠠᠭᠤᠯᠵᠤ ᠪᠣᠯᠬᠤ ᠦᠭᠡᠢ᠃ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ ᠲᠦᠷᠦ ᠶᠢ ᠵᠠᠰᠠᠬᠤ ᠰᠢᠰᠲ᠋ᠧᠮ | ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠥᠭᠡᠷᠡᠴᠢᠯᠡᠯᠲᠡ ᠶᠢᠨ ᠶᠡᠷᠦᠩᠬᠡᠢ ᠬᠠᠷᠠᠯᠲᠠ ᠶᠢ ᠪᠠᠷᠢᠮᠲᠠᠯᠠᠵᠤ | ᠂ ᠢᠮᠠᠭᠲᠠ ᠶᠡᠷᠦᠩᠬᠡᠢ ᠬᠠᠷᠠᠯᠲᠠ ᠶᠢᠨ ᠵᠢᠭᠠᠭᠰᠠᠨ ᠴᠢᠭᠯᠡᠯ ᠢᠶᠠᠷ ᠤᠷᠤᠭᠰᠢᠯᠠᠵᠤ᠂ ᠥᠭᠡᠷᠡᠴᠢᠯᠡᠬᠦ ᠶᠣᠰᠣᠲᠠᠢ ᠶᠢ ᠨᠢ ᠡᠷᠡᠰ | ᠥᠭᠡᠷᠡᠴᠢᠯᠡᠵᠦ᠂ ᠥᠭᠡᠷᠡᠴᠢᠯᠡᠪᠠᠯ ᠵᠤᠬᠢᠰ ᠦᠭᠡᠢ ᠶᠢ ᠨᠢ ᠥᠭᠡᠷᠡᠴᠢᠯᠡᠬᠦ ᠦᠭᠡᠢ ᠪᠠᠶᠢᠬᠤ ᠬᠡᠷᠡᠭᠲᠡᠢ᠃ ᠴᠤᠴᠠᠯᠲᠠ ᠦᠭᠡᠢ | ᠤᠷᠤᠭᠰᠢᠯᠠᠬᠤ ᠰᠥᠰᠥ ᠵᠣᠷᠢᠭ ᠪᠠ ᠤᠮᠤᠭ ᠵᠤᠷᠢᠭ ᠢᠶᠠᠷ ᠤᠨᠤᠯ ᠤᠨ ᠰᠢᠨ᠎ᠡ ᠶᠢ ᠡᠭᠦᠳᠬᠦ᠂ ᠦᠢᠯᠡᠳᠦᠯᠭᠡ ᠶᠢᠨ ᠰᠢᠨ᠎ᠡ ᠶᠢ | ᠡᠭᠦᠳᠬᠦ᠂ ᠪᠠᠶᠢᠭᠤᠯᠤᠯ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ ᠵᠢᠴᠢ ᠪᠤᠰᠤᠳ ᠡᠯ᠎ᠡ ᠲᠠᠯ᠎ᠠ ᠶᠢᠨ | ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ | ᠶᠡᠭᠡ ᠬᠥᠳᠡᠯᠭᠡᠬᠦ ᠬᠦᠴᠦᠨ ᠪᠠ ᠪᠠᠶᠢᠭᠤᠯᠤᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠡᠨᠡ ᠬᠦ ᠭᠤᠣᠯᠳᠠᠯᠭ᠎ᠠ ᠶᠢ ᠲᠤᠪᠤᠶᠢᠯᠭᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ︽ᠬᠤᠶᠠᠷ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠨ ᠬᠦᠯᠢᠶᠡᠰᠦᠯᠡᠵᠤ ᠪᠠᠶᠢᠭ᠎ᠠ ᠪᠠᠶᠢᠭᠤᠯᠤᠯ ᠲᠣᠭᠲᠡᠴᠡ ᠶᠢᠨ ᠭᠡᠮ ᠰᠣᠭᠤᠭ ᠢ | ᠡᠷᠡᠰ ᠠᠷᠢᠯᠭᠠᠵᠤ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠨᠥᠯᠥᠭᠡᠯᠡᠨ ᠬᠦᠯᠢᠶᠡᠰᠦᠯᠡᠵᠤ ᠪᠠᠶᠢᠭ᠎ᠠ ᠰᠠᠭᠠᠳ | ᠲᠦᠭᠵᠢᠷᠡᠯ ᠢ ᠡᠷᠡᠰ ᠠᠷᠢᠯᠭᠠᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠬᠤᠨ | ᠲᠦᠢᠯ ᠤᠨ ᠪᠠᠶᠠᠯᠢᠭ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠨᠢ ᠴᠦ ᠵᠠᠶᠢᠯᠠᠰᠢ | ᠦᠭᠡᠢ ᠪᠦᠬᠦ ᠲᠠᠯ᠎ᠠ ᠶᠢᠨ ᠶᠤᠮ᠃ | ᠡᠯ᠎ᠡ ᠲᠠᠯ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠵᠣᠬᠢᠴᠠᠭᠤᠯᠤᠨ ᠠᠬᠢᠭᠤᠯᠵᠤ᠂ ᠪᠦᠬᠦᠯᠢ ᠴᠣᠭᠴᠠ ᠶᠢᠨ ᠦᠷ᠎ᠠ | ᠪᠦᠲᠦᠮᠵᠢ ᠶᠢ ᠪᠦᠷᠢᠯᠳᠦᠭᠦᠯᠬᠦ ᠪᠠᠷ ᠴᠢᠷᠮᠠᠶᠢᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠵᠣᠬᠢᠶᠠᠯ ᠳᠤ᠂ ᠰᠢᠨᠵᠢᠯᠡᠬᠦ ᠤᠬᠠᠭᠠᠨᠴᠢ ᠠᠷᠭ᠎ᠠ ᠪᠠᠷ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠶᠢ ᠪᠠᠷᠢᠮᠲᠠᠯᠠᠬᠤ | ᠬᠡᠷᠡᠭᠲᠡᠢ᠃ ᠥᠭᠡᠷᠡᠴᠢᠯᠡᠯᠲᠡ ᠪᠣᠯ ᠰᠢᠰᠲ᠋ᠧᠮᠲᠦ ᠢᠨᠵᠧᠨᠧᠷᠢᠩ ᠮᠥᠨ᠂ ᠡᠯ᠎ᠡ ᠲᠠᠯ᠎ᠠ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠬᠦ ᠴᠢᠬᠤᠯᠠᠲᠠᠢ᠂ ᠰᠢᠨᠵᠢᠯᠡᠬᠦ ᠤᠬᠠᠭᠠᠨᠴᠢ ᠠᠷᠭ᠎ᠠ ᠶᠢ ᠡᠷᠬᠢᠮᠯᠡᠬᠦ ᠴᠢᠬᠤᠯᠠᠲᠠᠢ ᠶᠤᠮ᠃ ᠨᠢᠭᠡ ᠳᠤ᠂ | ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠨᠢᠭᠡᠳᠭᠡᠬᠦ ᠶᠢ ᠪᠠᠷᠢᠮᠲᠠᠯᠠᠬᠤ ᠬᠡᠷᠡᠭᠳᠠᠢ᠃ ᠬᠠᠤᠯᠢ ᠪᠠᠷ ᠵᠠᠰᠠᠬᠤ | ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠦᠢᠯᠡᠳᠦᠯ ᠤᠨ | ᠣᠷᠣᠨ ᠵᠠᠢ ᠶᠢ ᠤᠯᠠᠮ ᠨᠢᠭᠡ ᠠᠯᠬᠤᠮ ᠥᠷᠭᠡᠳᠭᠡᠵᠦ᠂ ᠬᠠᠤᠯᠢ ᠪᠠᠷ ᠵᠠᠰᠠᠬᠤ ᠰᠡᠳᠭᠢᠬᠦᠢ ᠪᠠ ᠬᠠᠤᠯᠢ ᠪᠠᠷ ᠵᠠᠰᠠᠬᠤ ᠠᠷᠭ᠎ᠠ | ᠮᠠᠶ᠋ᠢᠭ ᠢ ᠴᠢᠳᠠᠮᠠᠭᠠᠢ ᠬᠡᠷᠡᠭᠯᠡᠨ ᠥᠭᠡᠷᠡᠴᠢᠯᠡᠯᠲᠡ ᠶᠢ ᠠᠬᠢᠭᠤᠯᠵᠤ᠂ ᠬᠠᠤᠯᠢ ᠴᠠᠭᠠᠵᠠ ᠶᠢᠨ ᠡᠮᠦᠨ᠎ᠡ ᠬᠥᠮᠦᠨ ᠪᠦᠬᠦᠨ ᠡᠷᠬᠡ | ᠲᠡᠭᠰᠢ ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠬᠤᠶᠠᠷ ᠲᠤ᠂ ᠬᠠᠭᠤᠴᠢᠨ ᠢ ᠡᠪᠳᠡᠬᠦ ᠪᠠ ᠰᠢᠨ᠎ᠠ ᠶᠢ ᠪᠠᠶᠢᠭᠤᠯᠬᠤ ᠶᠢᠨ | ᠬᠤᠪᠢᠰᠤᠩᠭᠤᠢ ᠨᠢᠭᠡᠳᠦᠯ ᠢ ᠪᠠᠷᠢᠮᠲᠠᠯᠠᠬᠤ ᠬᠡᠷᠡᠭᠳᠠᠢ᠃ ᠥᠭᠡᠷᠡᠴᠢᠯᠡᠯᠲᠡ ᠪᠣᠯ ᠬᠠᠭᠤᠴᠢᠨ ᠢ ᠡᠪᠳᠡᠵᠦ ᠰᠢᠨ᠎ᠡ ᠶᠢ | ᠪᠠᠶᠢᠭᠤᠯᠬᠤ ᠶᠠᠪᠤᠴᠠ ᠮᠥᠨ᠂ ᠬᠠᠭᠤᠴᠢᠨ ᠢ ᠡᠪᠳᠡᠬᠦ ᠪᠣᠯ ᠠᠷᠭ᠎ᠠ ᠪᠠᠷᠢᠯ ᠮᠥᠨ᠂ ᠰᠢᠨ᠎ᠠ ᠶᠢ ᠪᠠᠶᠢᠭᠤᠯᠬᠤ ᠪᠣᠯ ᠵᠣᠷᠢᠯᠭ᠎ᠠ | ᠮᠥᠨ᠃ ᠲᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠠᠭᠤᠴᠢᠨ ᠢ ᠡᠪᠳᠡᠬᠦ ᠪᠠ | ᠰᠢᠨ᠎ᠠ ᠶᠢ ᠪᠠᠶᠢᠭᠤᠯᠬᠤ ᠶᠢ ᠵᠡᠷᠭᠡ ᠪᠠᠷ ᠠᠳᠬᠤᠬᠤ᠂ ᠤᠷᠢᠳ ᠢᠶᠠᠷ ᠰᠢᠨ᠎ᠠ ᠶᠢ ᠪᠠᠶᠢᠭᠤᠯᠵᠤ ᠲᠠᠷᠠᠭ᠎ᠠ ᠨᠢ ᠬᠠᠭᠤᠴᠢᠨ ᠢ | ᠡᠪᠳᠡᠬᠦ ᠶᠢ ᠨᠡᠩ ᠲᠤᠪᠤᠶᠢᠯᠭᠠᠵᠤ᠂ ᠬᠠᠭᠤᠴᠢᠨ ᠢ ᠡᠪᠳᠡᠬᠦ ᠪᠠ ᠰᠢᠨ᠎ᠠ ᠶᠢ ᠪᠠᠶᠢᠭᠤᠯᠬᠤ ᠶᠢ ᠨᠢᠭᠡᠳᠭᠡᠬᠦ ᠳᠤᠮᠳᠠ | ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠥᠭᠡᠷᠡᠴᠢᠯᠡᠯᠲᠡ ᠪᠠ | ᠨᠡᠬᠡᠬᠡᠯᠳᠡ ᠶᠢ ᠨᠢᠭᠡᠳᠭᠡᠬᠦ ᠶᠢ ᠪᠠᠷᠢᠮᠲᠠᠯᠠᠬᠤ ᠬᠡᠷᠡᠭᠲᠡᠢ᠃ ᠲᠦᠷᠢᠮ ᠤᠨ ᠬᠡᠯᠪᠡᠷᠢ ᠶᠢᠨ ᠨᠡᠭᠡᠭᠡᠯᠳᠡ ᠶᠢ ᠯᠠᠪᠳᠠᠭᠤᠨ ᠢᠶᠠᠷ | ᠥᠷᠭᠡᠳᠭᠡᠵᠦ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠬᠦ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠬᠡᠷᠡᠭᠲᠡᠢ᠃ ᠲᠦᠷᠪᠡ ᠳᠤ᠂ ᠪᠠᠶᠢᠷᠢᠯᠠᠭᠤᠯᠬᠤ ᠪᠠ ᠨᠠᠶᠢᠳᠠᠪᠤᠷᠢᠵᠢᠭᠤᠯᠬᠤ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠬᠦ ᠬᠡᠷᠡᠭᠲᠡᠢ᠃ ᠥᠭᠡᠷᠡᠴᠢᠯᠡᠯᠲᠡ ᠶᠢᠨ ᠲᠥᠰᠦᠯ ᠢ ᠵᠢᠷᠤᠵᠤ ᠲᠥᠯᠥᠪᠯᠡᠬᠦ ᠳᠡᠭᠡᠨ ᠡᠷᠬᠡᠪᠰᠢ ᠪᠤᠰᠤᠳᠴᠢ ᠵᠢᠮ᠎ᠡ | ᠶᠣᠰᠣ ᠶᠢ ᠡᠵᠡᠮᠳᠡᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠠ ᠶᠢ ᠵᠣᠬᠢᠴᠠᠭᠤᠯᠤᠨ ᠢᠵᠢ | ᠪᠦᠷᠢᠳᠦᠬᠦᠯᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠨᠡᠮᠡᠭᠳᠡᠭᠦᠯᠬᠦ ᠬᠡᠷᠡᠭᠲᠡᠢ᠃ | ᠬᠠᠷᠢᠭᠤᠴᠠᠯᠭ᠎ᠠ ᠲᠣᠳᠣᠷᠬᠠᠶ᠂ ᠬᠡᠯᠬᠢᠶ᠎ᠡ ᠪᠦᠷᠢᠨ᠂ ᠭᠤᠭᠴᠤᠭ᠎ᠠ ᠪᠦᠷᠢ ᠨᠢᠬᠡᠳᠦᠨ ᠤᠶᠠᠯᠳᠤᠭᠰᠠᠨ ᠠᠵᠢᠯ ᠤᠨ | ᠲᠣᠭᠲᠡᠴᠡ ᠶᠢ ᠪᠠᠶᠢᠭᠤᠯᠤᠨ ᠪᠦᠷᠢᠨᠰᠢᠭᠦᠯᠵᠦ᠂ ᠪᠢᠴᠢᠭ ᠮᠠᠲ᠋ᠧᠷᠢᠶᠠᠯ ᠲᠣᠭᠲᠠᠭᠠᠬᠤ ᠶᠢ ᠴᠢᠬᠤᠯᠠᠴᠢᠯᠠᠬᠤ᠂ ᠱᠠᠯᠠᠪᠳᠠᠭᠤᠯᠤᠨ | ᠨᠠᠶᠢᠳᠠᠪᠤᠷᠢᠵᠢᠭᠤᠯᠬᠤ ᠶᠢ ᠬᠥᠩᠭᠡᠪᠴᠢᠯᠡᠬᠦ ᠵᠡᠷᠭᠡ ᠦᠵᠡᠭᠳᠡᠯ ᠢ ᠰᠡᠷᠭᠡᠶᠢᠯᠡᠨ ᠬᠤᠷᠢᠭᠯᠠᠵᠤ᠂ ︽ᠶᠠᠮᠠᠷ ᠴᠤ ᠦᠷ᠎ᠠ ᠪᠦᠲᠦᠮᠵᠢ | ᠦᠭᠡᠢ ᠳᠠᠬᠢᠨ ᠳᠠᠪᠳᠠᠨ ᠬᠢᠬᠦ︾ ᠪᠠᠶᠢᠳᠠᠯ ᠢ ᠰᠡᠷᠭᠡᠶᠢᠯᠡᠨ ᠬᠤᠷᠢᠭᠯᠠᠬᠤ ᠬᠡᠷᠡᠭᠲᠡᠶ᠃ ᠤᠳᠤᠷᠢᠳᠬᠤ ᠺᠠᠳ᠋ᠷ ᠢᠯᠠᠩᠭᠤᠶ᠎ᠠ | ᠳᠡᠭᠡᠳᠦ ᠵᠡᠷᠭᠡ ᠶᠢᠨ ᠺᠠᠳ᠋ᠷ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠬᠦᠴᠢᠷ ᠢ ᠰᠦᠷᠦᠨ ᠤᠷᠤᠭᠰᠢᠯᠠᠬᠤ ᠤᠯᠤᠰ | ᠲᠦᠷᠦ ᠶᠢᠨ ᠰᠥᠰᠥ ᠵᠣᠷᠢᠭ ᠢᠶᠠᠷ᠂ ᠵᠥᠷᠢᠴᠡᠯ ᠪᠠ ᠠᠰᠠᠭᠤᠳᠠᠯ ᠳᠤ ᠰᠢᠭᠤᠳ ᠬᠠᠨᠳᠤᠵᠤ᠂ ᠠᠷᠬᠠᠭ ᠭᠡᠮ ᠢ ᠢᠳᠡᠪᠬᠢᠳᠠᠢ | ᠠᠷᠢᠯᠭᠠᠵᠤ᠂ ᠠᠶᠤᠯ ᠲᠦᠭᠰᠢᠭᠦᠷᠢ ᠥᠷᠢᠰᠥᠯᠳᠦᠭᠡᠨ ᠢ ᠵᠤᠷᠢᠭᠳᠠᠢ ᠠᠷᠭᠠᠴᠠᠭᠠᠵᠤ᠂ ᠥᠭᠡᠷᠡᠴᠢᠯᠡᠯᠲᠡ ᠬᠥᠭᠵᠢᠯᠲᠡ ᠶᠢᠨ | ᠰᠢᠨ᠎ᠡ ᠣᠷᠣᠨ ᠵᠠᠢ ᠶᠢ ᠴᠢᠷᠮᠠᠶᠢᠨ ᠨᠡᠭᠡᠭᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠵᠣᠬᠢᠶᠠᠯ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠢᠳᠡᠪᠬᠢ | ᠬᠦᠴᠦᠨ ᠵᠦᠢᠯ ᠪᠦᠬᠦᠨ ᠢ ᠭᠦᠢᠴᠡᠳ ᠳᠠᠶᠢᠴᠢᠯᠠᠬᠤ ᠨᠢ ᠥᠭᠡᠷᠡᠴᠢᠯᠡᠯᠲᠡ ᠶᠢ ᠤᠷᠤᠭᠰᠢᠲᠠᠢ ᠠᠬᠢᠭᠤᠯᠬᠤ ᠳᠤ ᠲᠦᠢᠯ ᠤᠨ | ᠴᠢᠬᠤᠯᠠ ᠶᠤᠮ᠃ ᠪᠦᠬᠦᠳᠡ ᠬᠤᠷᠠᠯ ᠤᠨ ︽ᠲᠣᠭᠲᠠᠭᠠᠯ︾ ᠤᠨ ᠵᠣᠷᠢᠭ ᠰᠠᠨᠠᠭ᠎ᠠ ᠶᠢ ᠵᠥᠪ ᠤᠢᠢᠯᠠᠭᠠᠨ ᠲᠠᠶᠢᠯᠪᠤᠷᠢᠯᠠᠵᠤ᠂ | ᠪᠦᠬᠦ ᠨᠠᠮ ᠪᠦᠬᠦ ᠨᠡᠶᠢᠭᠡᠮ ᠢᠶᠠᠷ ᠢᠶᠠᠨ ᠥᠭᠡᠷᠡᠴᠢᠯᠡᠯᠲᠡ ᠶᠢ ᠬᠠᠮᠲᠤ ᠪᠠᠷ ᠠᠳᠬᠤᠬᠤ ᠦᠵᠡᠯ ᠰᠠᠨᠠᠭᠠᠨ ᠤ ᠰᠠᠭᠤᠷᠢ᠂ ᠤᠯᠠᠨ | ᠲᠦᠮᠡᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠵᠢᠱᠢᠯᠲᠡ ᠶᠢ ᠵᠦᠢ ᠵᠣᠬᠢᠰᠲᠠᠢ ᠬᠦᠳᠦᠯᠦᠨ | ᠵᠢᠯᠣᠭᠤᠳᠴᠤ᠂ ᠺᠠᠳ᠋ᠷ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠥᠭᠡᠷᠡᠴᠢᠯᠡᠯᠲᠡ ᠶᠢᠨ ᠳᠤᠮᠳᠠᠬᠢ ᠠᠰᠢᠭ | ᠲᠤᠰᠠ ᠶᠢᠨ ᠬᠠᠷᠢᠴᠠᠭ᠎ᠠ ᠶᠢ ᠲᠤᠬᠢᠷᠠᠭᠤᠯᠬᠤ ᠪᠠ ᠬᠤᠪᠢ ᠬᠥᠮᠦᠨ ᠤ ᠠᠰᠢᠭ ᠬᠤᠣᠷ ᠤᠯᠵᠤ ᠠᠯᠳᠠᠬᠤ ᠶᠠᠪᠤᠳᠠᠯ ᠳᠤ | ᠵᠥᠪ ᠢᠶᠠᠷ ᠬᠠᠨᠳᠤᠬᠤ ᠬᠡᠷᠡᠭᠲᠡᠢ︔ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠪᠣᠳᠠᠲᠤ ᠦᠷ᠎ᠡ ᠪᠦᠲᠦᠮᠵᠢ ᠪᠠ | ᠠᠷᠠᠳ ᠣᠯᠠᠨ ᠤ ᠬᠠᠨᠤᠮᠵᠢ ᠲᠠᠢ ᠪᠠᠶᠢᠬᠤ ᠬᠡᠮᠵᠢᠶ᠎ᠡ ᠪᠠᠷ ᠥᠭᠡᠷᠡᠴᠢᠯᠡᠯᠲᠡ ᠶᠢ ᠰᠢᠯᠭᠠᠬᠤ ᠬᠡᠷᠡᠭᠳᠠᠢ᠃ ᠵᠥᠪ ᠶᠠᠷᠢᠶ᠎ᠠ | ᠬᠡᠯᠡᠯᠴᠡᠭᠡᠨ ᠤ ᠤᠳᠤᠷᠢᠳᠤᠮᠵᠢ ᠶᠢ ᠡᠵᠡᠮᠳᠡᠵᠦ᠂ ᠶᠠᠷᠢᠶ᠎ᠠ ᠬᠡᠯᠡᠯᠴᠡᠭᠡᠨ ᠤ ᠬᠠᠮᠳᠤᠷᠠᠯ ᠬᠦᠴᠦᠨ ᠢ ᠪᠦᠷᠢᠯᠳᠦᠭᠦᠯᠬᠦ ᠬᠡᠷᠡᠭᠳᠠᠢ | ᠭᠡᠵᠤ ᠵᠢᠭᠠᠵᠤ ᠭᠠᠷᠭᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 15 ᠤ ᠴᠠᠬᠢᠯᠭᠠᠨ ᠮᠡᠳᠡᠭᠡ︶ |