ᠵᠠᠩ ᠬᠤᠤ᠄ ᠪᠣᠳᠠᠲᠤ ᠶᠠᠪᠤᠳᠠᠯ ᠢ ᠰᠢᠯᠢᠳᠡᠭᠵᠢᠭᠦᠯᠵᠦ ᠴᠠᠬᠢᠯᠭᠠᠨ ᠬᠦᠴᠦᠨ ᠳᠤ ᠤᠢᠩᠭᠡ ᠭᠡᠷᠡᠯ ᠨᠡᠮᠡᠷᠢᠯᠡᠪᠡ
ᠨᠡᠶᠢᠲᠡᠯᠡᠭᠰᠡᠨ ᠴᠠᠭ᠄
2025/1/17
    ᠲᠡᠷᠡ ᠡᠮᠦᠨ᠎ᠡ ᠹᠷᠣᠨᠲ ᠢᠶᠠᠷ ᠰᠦᠯᠵᠢᠯᠳᠦᠭᠰᠡᠨ ᠴᠠᠬᠢᠯᠭᠠᠨ ᠬᠦᠴᠦᠨ ᠤ ᠤᠬᠠᠭᠤᠯᠤᠭᠴᠢ ᠠᠴᠠ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠦᠭᠰᠡᠨ ᠴᠠᠬᠢᠯᠭᠠᠨ ᠬᠦᠴᠦᠨ ᠤ ᠦᠵᠡᠭᠳᠡᠯ ᠤᠨ ᠠᠷᠤ ᠠᠵᠢᠯᠲᠠᠳ ᠬᠦᠷᠲᠡᠯ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠢ ᠡᠭᠦᠷᠭᠡᠯᠡᠵᠦ᠂ 95 ᠤ ᠳᠠᠷᠠᠭᠠᠬᠢ ᠵᠠᠩ ᠬᠤᠤ ᠤᠯᠤᠰ ᠤᠨ ᠴᠠᠬᠢᠯᠭᠠᠨ ᠲᠣᠣᠷ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠦᠨᠳᠦᠰᠦᠨ ᠱᠠᠲᠤᠨ ᠤ ᠠᠵᠢᠯ ᠤᠨ ᠪᠠᠶᠢᠷᠢ ᠳᠡᠭᠡᠷ᠎ᠡ ᠪᠠᠲᠤ ᠰᠠᠬᠢᠵᠤ᠂ ᠲᠡᠷᠡ ᠴᠠᠬᠢᠯᠭᠠᠨ ᠬᠦᠴᠦᠨ ᠤ ᠠᠵᠢᠯ ᠤᠨ ᠬᠠᠷᠢᠭᠤᠴᠠᠯᠭ᠎ᠠ ᠶᠢ ᠲᠥᠯᠥᠭᠡᠯᠡᠭᠴᠢ ᠶᠢᠨ ᠡᠭᠦᠷᠭᠡ ᠲᠠᠢ ᠪᠠᠲᠤ ᠤᠶᠠᠯᠳᠤᠭᠤᠯᠵᠤ᠂ ︽ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠣᠩᠭᠤᠵᠤ᠂ ᠪᠢ ᠣᠳᠣ ᠦᠶ᠎ᠡ ᠶᠢᠨ ᠠᠷᠠᠳ ᠲᠦᠮᠡᠨ ᠤ ᠲᠥᠯᠥᠭᠡ ᠵᠢᠳᠬᠦᠨ᠎ᠡ︾ ᠭᠡᠬᠦ ᠲᠠᠩᠭᠠᠷᠢᠭ ᠢᠶᠠᠨ ᠰᠡᠳᠬᠢᠯ ᠤᠨ ᠭᠦᠨ ᠳᠡᠭᠡᠨ ᠰᠡᠶᠢᠯᠪᠡ᠃    ᠡᠮᠦᠨ᠎ᠡ ᠬᠤᠭᠤᠴᠠᠭᠠᠨ ᠳᠤ᠂ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠶᠡᠭᠡ ᠰᠦᠮ᠎ᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠭᠤᠤ ᠰᠢᠶᠣᠤ ᠹᠧᠩ ᠤᠯᠤᠰ ᠤᠨ ᠴᠠᠬᠢᠯᠭᠠᠨ ᠲᠣᠣᠷ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠳᠤ ᠬᠠᠷᠢᠯᠴᠠᠵᠤ᠂ ᠲᠡᠭᠦᠨ ᠤ ᠡᠵᠡᠩᠨᠡᠵᠦ ᠪᠠᠶᠢᠭ᠎ᠠ ᠳᠡᠯᠭᠡᠭᠦᠷ ᠲᠤ ᠭᠡᠨᠡᠳᠲᠡ ᠴᠠᠬᠢᠯᠭᠠᠨ ᠵᠣᠭᠰᠣᠭᠰᠠᠨ ᠢ ᠬᠠᠷᠢᠭᠤ ᠲᠤᠰᠬᠠᠪᠠ᠂ ᠵᠠᠩ ᠬᠤᠤ ᠬᠠᠯᠠᠭᠤᠨ ᠤᠲᠠᠰᠤᠨ ᠤ ᠠᠵᠢᠯ ᠤᠨ ᠬᠠᠭᠤᠳᠠᠰᠤ ᠶᠢ ᠣᠯᠤᠭᠰᠠᠨ ᠤ ᠳᠠᠷᠠᠭ᠎ᠠ ᠲᠡᠷᠡ ᠳᠠᠷᠤᠢ ᠳᠤᠨᠢ ᠠᠵᠢᠯᠲᠠᠳ ᠢᠶᠠᠨ ᠵᠣᠬᠢᠴᠠᠭᠤᠯᠤᠨ ᠲᠤᠬᠠᠢ ᠶᠢᠨ ᠲᠠᠯᠠᠪᠤᠷ ᠲᠤ ᠬᠦᠷᠴᠦ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂ ᠣᠷᠣᠰᠢᠵᠤ ᠪᠠᠶᠢᠭ᠎ᠠ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠠᠰᠠᠭᠤᠳᠠᠯ ᠢ ᠵᠢᠭᠰᠠᠭᠠᠨ ᠪᠠᠶᠢᠴᠠᠭᠠᠪᠠ᠃    ᠣᠶᠢᠷ᠎ᠠ ᠳᠤ᠂ ᠵᠠᠩ ᠬᠤᠤ ᠭᠤᠤ ᠰᠢᠶᠣᠤ ᠹᠧᠩ ᠤᠨ ᠤᠲᠠᠰᠤ ᠶᠢ ᠨᠡᠪᠲᠡᠷᠡᠭᠦᠯᠵᠦ᠂ ᠲᠡᠭᠦᠨ ᠢ ᠬᠠᠷᠢᠭᠤ ᠰᠤᠷᠪᠤᠯᠵᠢᠯᠠᠵᠤ᠂ ᠭᠤᠤ ᠰᠢᠶᠣᠤ ᠹᠧᠩ ᠤᠯᠤᠰ ᠤᠨ ᠰᠦᠯᠵᠢᠶᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠠᠵᠢᠯᠲᠠᠨ ᠤ ᠦᠢᠯᠡᠴᠢᠯᠡᠭᠡ ᠶᠢ ᠵᠠᠯᠭᠠᠭ᠎ᠠ ᠪᠠᠷ ᠮᠠᠭᠲᠠᠨ ᠰᠠᠶᠢᠰᠢᠶᠠᠪᠠ᠃ ᠡᠨᠡ ᠪᠣᠯ ᠵᠥᠪᠬᠡᠨ ᠵᠠᠩ ᠬᠤᠤ ᠶᠢᠨ ᠡᠳᠦᠷ ᠲᠤᠲᠤᠮ ᠤᠨ ᠠᠵᠢᠯ ᠤᠨ ᠳᠤᠮᠳᠠᠬᠢ ᠨᠢᠭᠡᠨ ᠬᠤᠷᠢᠶᠠᠩᠭᠤᠢ ᠳᠦᠷᠰᠦ ᠮᠥᠨ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠬᠥᠭᠦᠷᠭᠡ ᠪᠣᠯᠤᠭᠰᠠᠨ ᠤ ᠬᠤᠪᠢ ᠳᠤ ᠂ ᠣᠯᠠᠨ ᠲᠦᠮᠡᠨ ᠤ ᠴᠠᠬᠢᠯᠭᠠᠨ ᠬᠡᠷᠡᠭᠯᠡᠬᠦ ᠬᠦᠰᠡᠯ ᠱᠠᠭᠠᠷᠳᠠᠯᠭ᠎ᠠ ᠶᠢ 350 ᠭᠠᠷᠤᠢ ᠬᠤᠪᠢ ᠴᠢᠨᠠᠷ ᠰᠠᠶᠢᠲᠠᠢ ᠰᠢᠢᠳᠪᠦᠷᠢᠯᠡᠬᠦ ᠶᠢᠨ ᠬᠠᠮᠲᠤ ᠴᠥᠮ ᠬᠠᠨᠤᠮᠵᠢᠲᠠᠢ ᠦᠨᠡᠯᠡᠯᠲᠡ ᠣᠯᠤᠭᠰᠠᠨ ᠪᠠᠶᠢᠨ᠎ᠠ᠃ ᠵᠠᠩ ᠬᠤᠤ ᠶᠢᠨ ᠦᠵᠡᠬᠦ ᠪᠠᠷ ᠂ ᠬᠠᠯᠠᠭᠤᠨ ᠤᠲᠠᠰᠤᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠪᠣᠯ ᠪᠠᠰᠠ ᠴᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠦᠴᠦᠨ ᠤ ᠠᠵᠢᠯ ᠢ ᠣᠶᠢᠯᠠᠭᠠᠬᠤ ᠨᠥᠭᠦᠭᠡ ᠴᠣᠩᠬᠤ ᠪᠣᠯᠤᠨ᠎ᠠ᠃ ᠶᠠᠷᠰᠢᠭ ᠲᠦᠪᠡᠭ ᠲᠠᠢ ᠲᠤᠬᠠᠶᠢᠯᠠᠭᠰᠠᠨ ᠠᠵᠢᠯ ᠪᠠ ᠥᠷᠭᠡᠨ ᠳᠡᠯᠭᠡᠷ ᠦᠢᠯᠡᠴᠢᠯᠡᠭᠡᠨ ᠤ ᠴᠡᠭ ᠤᠨ ᠡᠮᠦᠨ᠎ᠡ᠂ ᠵᠠᠩ ᠬᠤᠤ ᠥᠴᠦᠬᠡᠨ ᠴᠦ ᠴᠠᠯᠠᠭᠠᠶᠢᠷᠠᠵᠤ ᠥᠩᠭᠡᠷᠡᠭᠰᠡᠨ ᠦᠭᠡᠢ ᠶᠤᠮ᠂ ᠲᠡᠷᠡ ᠣᠯᠠᠨ ᠲᠦᠮᠡᠨ ᠪᠠ ᠠᠵᠤ ᠠᠬᠤᠶᠢᠯᠠᠯ ᠤᠨ ᠳᠠᠭᠤᠨ ᠢ ᠰᠣᠨᠣᠰᠬᠤ ᠶᠢ ᠮᠠᠰᠢ ᠴᠢᠬᠤᠯᠠᠴᠢᠯᠠᠵᠤ᠂ ᠪᠠᠶᠢᠩᠭᠤ ᠠᠵᠤ ᠠᠬᠤᠶᠢᠯᠠᠯ ᠪᠤᠶᠤ ᠣᠯᠠᠨ ᠲᠦᠮᠡᠨ ᠤ ᠭᠡᠷ ᠲᠤ ᠣᠷᠣᠵᠤ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠵᠤ᠂ ᠬᠠᠷᠢᠶᠠᠲᠤ ᠣᠷᠣᠨ ᠤ ᠴᠠᠬᠢᠯᠭᠠᠨ ᠬᠦᠴᠦᠨ ᠤ ᠲᠥᠬᠦᠭᠡᠷᠦᠮᠵᠢ ᠶᠢ ᠪᠠᠶᠢᠴᠠᠭᠠᠨ ᠬᠠᠮᠠᠭᠠᠯᠠᠵᠤ᠂ ᠣᠯᠠᠨ ᠲᠦᠮᠡᠨ ᠤ ᠬᠠᠷᠢᠭᠤ ᠲᠤᠰᠬᠠᠭᠰᠠᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠡᠮᠬᠢᠯᠡᠨ ᠰᠢᠢᠳᠪᠦᠷᠢᠯᠡᠨ᠎ᠡ᠃    ᠵᠠᠩ ᠬᠤᠤ ᠴᠠᠬᠢᠯᠭᠠᠨ ᠬᠦᠴᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠳᠠᠭᠠᠭᠤᠯᠤᠨ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠴᠠᠬᠢᠯᠭᠠᠨ ᠲᠦᠭᠡᠭᠡᠬᠦ ᠬᠠᠶᠢᠷᠴᠠᠭ ᠤᠨ ᠱᠤᠭᠤᠮ ᠨᠢ ᠠᠮᠤᠷ ᠲᠦᠪᠰᠢᠨ ᠪᠠᠶᠢᠬᠤ ᠡᠰᠡᠬᠦ᠂ ᠦᠢᠯᠡᠳᠪᠦᠷᠢᠯᠡᠯ ᠤᠨ ᠲᠠᠰᠤᠭ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠳᠤ ᠠᠮᠤᠷ ᠲᠦᠪᠰᠢᠨ ᠪᠠᠶᠢᠬᠤ ᠡᠰᠡᠬᠦ ᠵᠡᠷᠭᠡ ᠶᠢ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠬᠤ ᠶᠠᠪᠤᠴᠠ ᠳᠤ᠂ ᠠᠵᠢᠯᠲᠠᠳ ᠪᠠᠰᠠ ᠠᠵᠤ ᠠᠬᠤᠶᠢᠯᠠᠯ ᠤᠨ ᠠᠵᠢᠯᠴᠢᠳ ᠲᠤ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠭᠤᠯᠭ᠎ᠠ ᠶᠢ ᠲᠦᠭᠡᠮᠡᠯᠵᠢᠭᠦᠯᠵᠦ᠂ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠪᠠ᠃ ︽ᠴᠠᠭᠠᠨ ᠰᠠᠷ᠎ᠠ ᠶᠢᠨ ᠬᠤᠭᠤᠴᠠᠭᠠᠨ ᠳᠤ᠂ ᠴᠠᠬᠢᠯᠭᠠᠨ ᠬᠦᠴᠦᠨ ᠤ ᠺᠣᠮᠫᠠᠨᠢ ᠶᠢᠨ ᠠᠵᠢᠯᠲᠠᠳ ᠮᠠᠨ ᠤ ᠺᠣᠮᠫᠠᠨᠢ ᠳᠤ ᠬᠦᠷᠴᠦ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠠᠮᠤᠷ ᠲᠦᠪᠰᠢᠨ ᠪᠠ ᠬᠠᠮᠠᠭᠠᠯᠠᠯᠲᠠ ᠶᠢ ᠪᠠᠶᠢᠴᠠᠭᠠᠵᠤ᠂ ᠢᠯᠠᠩᠭᠤᠶ᠎ᠠ ᠮᠠᠨ ᠤ ᠡᠮᠦᠨ᠎ᠡ ᠹᠷᠣᠨᠲ ᠤᠨ ᠬᠥᠮᠦᠰ ᠲᠤ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠬᠡᠷᠡᠭᠯᠡᠯᠲᠡ ᠶᠢ ᠲᠠᠶᠢᠯᠪᠤᠷᠢᠯᠠᠵᠤ᠂ ᠪᠢᠳᠡᠨ ᠤ ᠵᠠᠯᠭᠠᠭᠠᠳ ᠦᠢᠯᠡᠳᠪᠦᠷᠢᠯᠡᠬᠦ ᠶᠢ ᠬᠠᠮᠠᠭᠠᠯᠠᠪᠠ︾᠃ ᠥᠪᠥᠷ ᠮᠣᠩᠭᠤᠯ ᠤᠨ ᠰᠢ ᠮᠦ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠶᠢᠨ ᠪᠣᠷᠣᠯᠠᠭᠤᠯᠭ᠎ᠠ ᠶᠢᠨ ᠳᠠᠭᠠᠭᠠᠮᠠᠯ ᠴᠧᠨ ᠸᠧᠨ ᠴᠢᠶᠠᠩ ᠬᠡᠯᠡᠪᠡ᠃ ᠴᠠᠬᠢᠯᠭᠠᠨ ᠬᠦᠴᠦᠨ ᠤ ᠰᠢᠰᠲ᠋ᠧᠮ ᠳᠤ ᠣᠯᠠᠨ ᠵᠢᠯ ᠠᠵᠢᠯᠯᠠᠭᠰᠠᠨ ᠵᠠᠩ ᠬᠤᠤ ᠴᠠᠬᠢᠯᠭᠠᠨ ᠬᠦᠴᠦᠨ ᠤ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠤ᠂ ᠲᠡᠷᠡ ᠬᠥᠮᠦᠨ ᠦᠭᠡᠢ ᠮᠠᠰᠢᠨ ᠢᠶᠠᠷ ᠵᠠᠮ ᠱᠤᠭᠤᠮ ᠢ ᠲᠣᠭᠤᠷᠢᠨ ᠪᠠᠶᠢᠴᠠᠭᠠᠬᠤ ᠶᠢᠨ ᠬᠠᠮᠲᠤ ᠬᠡᠯᠬᠢᠶ᠎ᠡ ᠶᠢᠨ ᠳᠤᠲᠠᠭᠳᠠᠯ ᠢ ᠴᠠᠭ ᠲᠤᠬᠠᠢ ᠳᠤᠨᠢ ᠰᠢᠭᠰᠢᠨ ᠪᠠᠶᠢᠴᠠᠭᠠᠬᠤ ᠶᠢᠨ ᠬᠠᠮᠲᠤ ᠣᠨᠣᠯ ᠤᠨ ᠮᠡᠳᠡᠯᠭᠡ ᠶᠢ ᠰᠤᠷᠤᠯᠴᠠᠵᠤ ᠥᠪᠡᠷ ᠤᠨ ᠪᠡᠶ᠎ᠡ ᠳᠡᠭᠡᠨ ︽ᠴᠠᠬᠢᠯᠭᠠᠨ ᠴᠡᠨᠡᠭᠯᠡᠬᠦ︾ ᠬᠡᠷᠡᠭᠲᠡᠢ ᠭᠡᠵᠦ ᠭᠦᠨᠵᠡᠭᠡᠢ ᠣᠶᠢᠯᠠᠭᠠᠪᠠ᠃ ︽ᠵᠠᠩ ᠬᠤᠤ ᠮᠠᠰᠢ ᠨᠠᠷᠢᠨ ᠬᠢᠨᠠᠮᠠᠭᠠᠢ ᠬᠠᠷᠢᠭᠤᠴᠠᠵᠤ᠂ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠪᠢᠳᠡ ᠴᠥᠮ ᠰᠤᠳᠤᠯᠤᠨ ᠶᠠᠷᠢᠯᠴᠠᠨ᠎ᠠ᠂ ᠲᠡᠭᠦᠨ ᠤ ᠦᠭᠡ ᠥᠭᠦᠯᠡᠪᠦᠷᠢ ᠨᠢ ᠮᠠᠰᠢ ᠰᠠᠶᠢᠨ᠂ ᠶᠠᠭᠠᠬᠢᠭᠰᠠᠨ ᠴᠤ ᠵᠠᠷᠢᠮ ᠰᠢᠨ᠎ᠡ ᠰᠡᠳᠬᠢᠴᠡ᠂ ᠰᠢᠨ᠎ᠡ ᠠᠷᠭ᠎ᠠ ᠶᠢ ᠬᠠᠩᠭᠠᠬᠤ ᠪᠣᠯᠤᠨ᠎ᠠ᠃ ᠡᠩ ᠤᠨ ᠦᠶ᠎ᠡ ᠳᠤ ᠪᠢᠳᠡ ᠪᠠᠰᠠ ᠰᠠᠨᠠᠭᠠᠴᠢᠯᠠᠭ᠎ᠠ ᠠᠴᠠ ᠪᠠᠨ ᠣᠯᠠᠨ ᠲᠦᠮᠡᠨ ᠲᠠᠢ ᠬᠠᠷᠢᠯᠴᠠᠵᠤ᠂ ᠲᠡᠳᠡᠨ ᠤ ᠠᠰᠠᠭᠤᠳᠠᠯ ᠢ ᠬᠠᠷᠢᠭᠤ ᠰᠤᠷᠪᠤᠯᠵᠢᠯᠠᠵᠤ᠂ ᠣᠯᠠᠨ ᠲᠦᠮᠡᠨ ᠤ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠪᠣᠯ ᠮᠠᠨ ᠤ ᠵᠠᠯᠠᠭᠤ ᠺᠠᠳ᠋ᠷᠴᠤᠳ ᠤᠨ ᠦᠯᠢᠭᠡᠷ ᠳᠠᠭᠤᠷᠢᠶᠠᠯ ᠮᠥᠨ︾ ᠬᠡᠵᠤ ᠤᠯᠤᠰ ᠤᠨ ᠴᠠᠬᠢᠯᠭᠠᠨ ᠲᠣᠣᠷ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠶᠢᠯᠡᠭᠰᠡᠨ ᠬᠡᠯᠲᠡᠰ ᠤᠨ ᠳᠠᠷᠤᠭ᠎ᠠ ᠵᠧᠦ ᠸᠧᠢ ᠴᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号