ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠤ᠋ ᠯᠢᠨ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2025/1/17
   1 ᠰᠠᠷ᠎ᠠ ᠶᠢᠨ 15 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠤ᠋ ᠯᠢᠨ ᠲᠠᠢ ᠤᠲᠠᠰᠤ ᠪᠠᠷ ᠶᠠᠷᠢᠯᠴᠠᠪᠠ᠃   ᠰᠢ ᠶᠢᠨ ᠫᠢᠩ᠂ ᠤᠨ ᠤ ᠡᠴᠦᠰ ᠵᠢᠯ ᠤᠨ ᠡᠬᠢ ᠪᠠᠷ᠂ ᠳᠤᠮᠳᠠᠳᠤ ᠸᠢᠶᠧᠲᠨᠠᠮ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠬᠦᠷᠴᠤ ᠢᠷᠡᠬᠦ ᠲᠠᠰᠢᠷᠠᠮ ᠢᠶᠠᠷ ᠶᠡᠷᠦᠩᠬᠡᠢ ᠱᠦᠵᠢ ᠰᠤ᠋ ᠯᠢᠨ ᠨᠥᠬᠦᠷ ᠲᠠᠢ ᠤᠲᠠᠰᠤ ᠪᠠᠷ ᠶᠠᠷᠢᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠨᠢᠳᠤᠨᠤᠨ ᠤ 8 ᠰᠠᠷ᠎ᠠ ᠳᠤ᠂ ᠲᠠ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠬᠢᠬᠦ ᠪᠢᠳᠡ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠬᠤ ᠵᠡᠷᠭᠡ ᠲᠠᠯ᠎ᠠ ᠪᠠᠷ ᠭᠦᠨᠵᠡᠭᠡᠢ ᠶᠠᠷᠢᠯᠴᠠᠨ ᠰᠣᠯᠢᠯᠴᠠᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠤᠭᠰᠠᠨ ᠪᠢᠯᠡ᠃ ᠬᠠᠭᠠᠰ ᠵᠢᠯ ᠤᠨ ᠲᠤᠷᠰᠢ᠂ ᠳᠤᠮᠳᠠᠳᠤ ᠸᠢᠶᠧᠲᠨᠠᠮ ᠤᠨ ᠬᠤᠶᠠᠷ ᠨᠠᠮ ᠬᠤᠶᠠᠷ ᠤᠯᠤᠰ ᠤᠨ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠢᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠠᠳᠬᠤᠵᠤ᠂ ᠪᠢᠳᠡᠨ ᠤ ᠵᠥᠪᠳᠡᠯᠴᠡᠨ ᠲᠣᠭᠲᠠᠭᠰᠠᠨ ᠬᠠᠮᠲᠤᠷᠠᠯᠴᠠᠭᠠᠨ ᠤ ᠠᠵᠢᠯ ᠶᠠᠪᠤᠳᠠᠯ ᠢᠳᠡᠪᠬᠢᠲᠡᠢ ᠠᠬᠢᠴᠠ ᠲᠠᠢ ᠪᠣᠯᠪᠠ ᠭᠡᠵᠦ ᠢᠯᠡᠳᠭᠡᠪᠡ᠃    ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ᠂ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠢᠶᠠᠨ ᠪᠡᠯᠡᠳᠬᠡᠬᠦ ᠵᠠᠩᠭᠢᠯᠠᠭ᠎ᠠ ᠶᠢᠨ ᠵᠢᠯ ᠮᠦᠨ᠂ ᠳᠤᠮᠳᠠᠳᠤ ᠸᠢᠶᠧᠲᠨᠠᠮ ᠬᠤᠶᠠᠷ ᠤᠯᠤᠰ ᠲᠤ ᠴᠥᠮ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠨᠠᠮ ᠢᠶᠠᠨ ᠮᠠᠨᠳᠤᠭᠤᠯᠵᠤ ᠨᠠᠮ ᠢᠶᠠᠨ ᠬᠦᠴᠦᠷᠬᠡᠭᠵᠢᠭᠦᠯᠵᠦ᠂ ᠨᠡᠶᠢᠭᠡᠮ ᠵᠢᠷᠤᠮ ᠤᠨ ᠤᠨᠤᠯ ᠪᠣᠯᠣᠨ ᠦᠢᠯᠡᠳᠦᠯᠭᠡ ᠶᠢᠨ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠦᠢᠯᠡᠰ ᠤᠨ ᠳᠡᠯᠡᠬᠡᠢ ᠶᠢᠨ ᠵᠠᠭᠤᠨ ᠵᠢᠯ ᠳᠤ ᠲᠤᠬᠢᠶᠠᠯᠳᠤᠭ᠎ᠠ ᠦᠬᠡᠢ ᠬᠤᠪᠢᠰᠤᠯᠲᠠ ᠳᠤᠮᠳᠠ ᠬᠥᠭᠵᠢᠨ ᠪᠤᠵᠠᠭᠠᠶᠢᠷᠠᠬᠤ ᠶᠢ ᠠᠬᠢᠭᠤᠯᠤᠶ᠎ᠠ᠃ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠶᠢᠨ ᠤᠯᠤᠰ ᠲᠦᠷᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠲᠠ ᠶᠠᠪᠤᠯᠴᠠᠭ᠎ᠠ ᠪᠠᠨ ᠦᠷᠭᠦᠯᠵᠢᠯᠡᠨ ᠪᠠᠲᠤᠯᠠᠶ᠎ᠠ᠃ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠠᠮᠲᠤᠷᠠᠯᠴᠠᠭᠠᠨ ᠤ ᠬᠤᠰᠢᠭᠤᠷᠠᠯ ᠲᠠᠪᠴᠠᠩ ᠢ ᠭᠠᠷ ᠬᠤᠯᠪᠣᠨ ᠪᠠᠶᠢᠭᠤᠯᠵᠤ᠂ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠬᠢᠯᠢ ᠠᠯᠤᠰᠯᠠᠭᠰᠠᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠤᠶ᠎ᠠ᠃ ᠠᠷᠠᠳ ᠤᠨ ᠰᠡᠳᠬᠢᠯ ᠢ ᠬᠤᠯᠪᠣᠭᠰᠠᠨ᠂ ᠬᠠᠶᠢᠷ᠎ᠠ ᠰᠡᠳᠬᠢᠯᠭᠡ ᠲᠠᠢ᠂ ᠤᠯᠠᠨ ᠲᠦᠮᠡᠨ ᠲᠠᠢ ᠣᠶᠢᠷᠠᠲᠤᠭᠰᠠᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠵᠦ᠂ ᠰᠣᠨᠢᠨ ᠮᠡᠳᠡᠭᠡ᠂ ᠰᠣᠶᠣᠯ ᠵᠢᠭᠤᠯᠴᠢᠯᠠᠯ᠂ ᠣᠷᠣᠨ ᠨᠤᠲᠤᠭ᠂ ᠵᠠᠯᠠᠭᠤᠴᠤᠳ ᠤᠨ ᠡᠯ᠎ᠡ ᠬᠦᠷᠢᠶᠡᠨ ᠳᠠᠬᠢ ᠶᠠᠪᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠠᠷᠠᠳ ᠤᠨ ᠰᠡᠳᠬᠢᠯ ᠤᠨ ᠢᠨᠵᠧᠨᠧᠷᠢᠩ ᠢ ᠪᠠᠶᠢᠭᠤᠯᠤᠶ᠎ᠠ᠃ ᠤᠯᠠᠨ ᠤᠯᠤᠰ ᠤᠨ ᠪᠠ ᠭᠠᠵᠠᠷ ᠣᠷᠣᠨ ᠤ ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ ᠭᠡᠵᠦ ᠴᠢᠬᠤᠯᠠᠴᠢᠯᠠᠪᠠ᠃    ᠰᠢ ᠶᠢᠨ ᠫᠢᠩ᠂ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠶᠡᠭᠡ ᠬᠤᠷᠠᠯ ᠠᠴᠠ ᠨᠠᠭᠠᠰᠢ᠂ ᠸᠢᠶᠧᠲᠨᠠᠮ ᠤᠨ ᠡᠪ ᠬᠠᠮᠲᠤ ᠨᠠᠮ ᠪᠦᠬᠦ ᠸᠢᠶᠧᠳ᠋ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠯᠠᠨ ᠲᠠᠯ᠎ᠠ ᠶᠢᠨ ᠬᠦᠴᠢᠷᠳᠡᠯ ᠪᠠ ᠥᠷᠢᠰᠤᠯᠳᠦᠭᠡᠨ ᠢ ᠢᠯᠠᠨ ᠳᠠᠪᠠᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠪᠣᠯᠣᠨ ᠰᠢᠨᠡᠴᠢᠯᠡᠯᠲᠡ ᠶᠢᠨ ᠦᠢᠯᠡᠰ ᠲᠤ ᠰᠢᠨ᠎ᠡ ᠠᠮᠵᠢᠯᠲᠠ ᠣᠯᠪᠠ᠃ ᠰᠤ᠋ ᠯᠢᠨ ᠨᠥᠬᠦᠷ ᠢᠶᠠᠷ ᠲᠦᠷᠦᠬᠦᠯᠡᠬᠦᠯᠦᠭᠰᠡᠨ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠸᠢᠶᠧᠲᠨᠠᠮ ᠤᠨ ᠨᠠᠮ᠂ ᠤᠯᠤᠰ᠂ ᠠᠷᠠᠳ ᠲᠦᠮᠡᠨ ᠠᠷᠪᠠᠨ ᠳᠥᠷᠪᠡᠳᠦᠭᠡᠷ ᠶᠡᠭᠡ ᠬᠤᠷᠠᠯ ᠢᠶᠠᠨ ᠤᠭᠲᠤᠬᠤ᠂ ᠠᠷᠪᠠᠨ ᠳᠥᠷᠪᠡᠳᠦᠭᠡᠷ ᠶᠡᠭᠡ ᠬᠤᠷᠠᠯ ᠢᠶᠠᠨ ᠰᠠᠶᠢᠲᠤᠷ ᠬᠤᠷᠠᠯᠳᠤᠭᠤᠯᠬᠤ ᠶᠢᠨ ᠲᠣᠭᠤᠷᠢᠨ ᠳᠤ ᠸᠢᠶᠧᠳ᠋ᠨᠠᠮ ᠤᠨ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠲᠡᠶᠢᠰᠢ ᠡᠷᠡᠰ ᠤᠷᠤᠭᠰᠢᠯᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃   ᠰᠤ᠋ ᠯᠢᠨ ᠡᠩ ᠲᠡᠷᠢᠭᠦᠨ ᠳᠤ ᠳᠤᠮᠳᠠᠳᠤ ᠤᠯᠤᠰ ᠤᠨ ᠲᠥᠪᠡᠳ ᠲᠤ ᠭᠠᠵᠠᠷ ᠬᠥᠳᠡᠯᠵᠤ ᠬᠥᠮᠥᠨ ᠬᠠᠷ᠎ᠠ ᠪᠠ ᠡᠳ᠋ ᠬᠥᠷᠥᠩᠭᠡ ᠳᠤ ᠬᠦᠨᠳᠦ ᠨᠣᠴᠢᠲᠠᠢ ᠬᠤᠬᠢᠷᠠᠯ ᠤᠴᠠᠷᠠᠭᠰᠠᠨ ᠶᠠᠪᠤᠳᠠᠯ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠲᠠᠢ ᠠᠯᠢ ᠲᠦᠷᠭᠡᠨ ᠢᠶᠠᠷ ᠭᠠᠵᠠᠷ ᠬᠥᠳᠡᠯᠦᠯᠲᠡ ᠠᠴᠠ ᠪᠣᠯᠤᠭᠰᠠᠨ ᠬᠤᠬᠢᠷᠠᠯ ᠢ ᠢᠯᠡᠨ ᠳᠠᠪᠠᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠲᠦᠮᠡᠨ ᠢᠶᠠᠨ ᠳᠠᠭᠠᠭᠤᠯᠤᠨ ᠣᠯᠣᠭᠰᠠᠨ ᠯᠤᠲᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠶᠢ ᠸᠢᠶᠧᠲᠨᠠᠮ ᠤᠨ ᠬᠢᠨ ᠴᠢᠩ ᠰᠡᠳᠬᠢᠯ ᠠᠴᠠ ᠪᠠᠨ ᠪᠢᠰᠢᠷᠡᠵᠦ ᠪᠠᠶᠢᠨ᠎ᠠ᠂ ᠳᠤᠮᠳᠠᠳᠤ ᠤᠯᠤᠰ ᠯᠠᠪᠲᠠᠢ ᠠᠵᠤ ᠠᠬᠤᠢ ᠶᠢᠨ ᠬᠡᠪᠴᠢᠶ᠎ᠡ ᠪᠣᠯᠣᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠵᠡᠷᠭᠡ ᠳᠠᠪᠠᠭᠤᠯᠢᠭ ᠢᠶᠠᠨ ᠪᠠᠳᠠᠷᠠᠭᠤᠯᠵᠤ᠂ ᠨᠡᠩ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠬᠤ ᠶᠢ ᠢᠲᠡᠭᠡᠵᠦ ᠪᠠᠶᠢᠨ᠎ᠠ᠃ ᠸᠢᠶᠧᠲᠨᠠᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢ ᠢᠳᠡᠪᠬᠢᠲᠡᠢ ᠳᠡᠮᠵᠢᠬᠦ ᠪᠥᠭᠡᠳ ᠳᠤᠷᠠᠲᠠᠶ᠎ᠠ ᠡᠨᠡ ᠬᠦ ᠪᠣᠷᠣ ᠲᠥᠯᠥᠪ ᠤᠨ ᠳᠣᠣᠷ᠎ᠠ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠥᠩᠭᠡᠷᠡᠭᠰᠡᠨ ᠨᠢᠭᠡ ᠵᠢᠯ ᠳᠤ᠂ ᠸᠢᠶᠧᠲᠨᠠᠮ ᠤᠨ ᠪᠦᠬᠦ ᠨᠠᠮ ᠪᠦᠬᠦ ᠤᠯᠤᠰ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠥᠭᠡᠨ ᠪᠤᠰᠤ ᠬᠦᠴᠢᠷ ᠪᠡᠷᠬᠡᠰᠢᠶᠡᠯ ᠪᠠ ᠥᠷᠢᠰᠤᠯᠳᠦᠭᠡᠨ ᠢ ᠢᠯᠠᠨ ᠳᠠᠪᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠴᠢᠬᠤᠯᠠ ᠰᠢᠨ᠎ᠠ ᠦᠷ᠎ᠡ ᠪᠦᠲᠦᠭᠡᠯ ᠣᠯᠪᠠ᠃ ᠸᠢᠶᠧᠲᠨᠠᠮ ᠤᠨ ᠬᠢᠨ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠢ ᠪᠡᠯᠡᠳᠬᠡᠬᠦ ᠪᠠᠷ ᠬᠠᠷᠠᠯᠲᠠ ᠪᠣᠯᠭᠠᠵᠤ᠂ ᠠᠷᠠᠳ ᠢᠶᠠᠨ ᠪᠠᠶᠠᠵᠢᠭᠤᠯᠵᠤ ᠤᠯᠤᠰ ᠢᠶᠠᠨ ᠬᠦᠴᠦᠷᠬᠡᠭᠵᠢᠭᠦᠯᠬᠦ ᠠᠷᠠᠳᠴᠢᠯᠠᠯ ᠲᠠᠢ ᠡᠷᠬᠡ ᠲᠡᠭᠰᠢ ᠪᠣᠯᠪᠠᠰᠤᠨ ᠢᠶᠠᠷ ᠣᠨᠴᠠᠯᠢᠭ ᠪᠣᠯᠭᠠᠭᠰᠠᠨ ᠰᠢᠨ᠎ᠡ ᠬᠥᠭᠵᠢᠯᠲᠡ ᠶᠢᠨ ᠡᠷᠡᠨ ᠲᠡᠶᠢᠰᠢ ᠤᠷᠤᠭᠰᠢᠯᠠᠵᠤ᠂ ᠡᠨᠡ ᠬᠦ ᠶᠠᠪᠤᠴᠠ ᠳᠤ ᠳᠤᠮᠳᠠᠳᠤ ᠤᠯᠤᠰ ᠤᠨ ᠬᠥᠭᠵᠢᠯᠲᠡ ᠶᠢᠨ ᠲᠤᠷᠰᠢᠯᠭ᠎ᠠ᠂ ᠢᠯᠠᠩᠭᠤᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨ᠎ᠡ ᠤᠨᠤᠯ ᠪᠣᠯᠣᠨ ᠦᠢᠯᠡᠳᠦᠯᠭᠡ ᠶᠢᠨ ᠰᠢᠨ᠎ᠡ ᠡᠭᠦᠳᠦᠯᠲᠡ ᠪᠠᠷ ᠭᠦᠢᠴᠡᠳ ᠲᠣᠯᠢ ᠪᠤᠯᠭᠠᠬᠤ ᠪᠣᠯᠣᠨ᠎ᠠ᠃ ᠸᠢᠶᠧᠲᠨᠠᠮ ᠦᠷᠭᠦᠯᠵᠢᠯᠡᠨ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠭᠠᠳᠠᠭᠠᠳᠤ ᠲᠦᠷᠦ ᠶᠢᠨ ᠪᠣᠳᠣᠯᠭ᠎ᠠ ᠶᠢᠨ ᠢᠶᠠᠨ ᠲᠡᠷᠢᠭᠦᠨ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠯᠤᠭ᠎ᠠ ᠬᠤᠶᠠᠷ ᠨᠠᠮ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠨ᠂ ᠲᠦᠷᠦ ᠶᠢᠨ ᠪᠣᠳᠣᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠬᠠᠮᠲᠤ ᠪᠠᠷ ᠰᠠᠶᠢᠲᠤᠷ ᠡᠷᠬᠢᠯᠡᠨ᠂ ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠰᠶᠢᠳᠪᠦᠷᠢᠯᠡᠵᠦ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃    ᠰᠢ ᠶᠢᠨ ᠫᠢᠩ ᠪᠣᠯᠣᠨ ᠰᠤ᠋ ᠯᠢᠨ ᠬᠠᠮᠲᠤ ᠪᠠᠷ ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ᠵᠢᠩᠬᠢᠨᠢ ᠪᠠᠷ ᠡᠬᠢᠯᠡᠭᠰᠡᠨ ᠢ ᠵᠠᠷᠯᠠᠵᠤ᠂ ᠪᠠᠰᠠ ᠬᠠᠷᠢᠯᠴᠠᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠥᠯᠵᠡᠢ ᠪᠡᠯᠭᠡ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠪᠡ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 15 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号