1 ᠰᠠᠷ᠎ᠠ ᠶᠢᠨ 16 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠮᠤᠨᠠᠺᠤ ᠶᠢᠨ ᠲᠡᠷᠢᠭᠦᠨ ᠠᠯᠪᠸᠢ | ᠬᠤᠶᠠᠳᠤᠭᠠᠷ ᠴᠢᠨ ᠸᠠᠩ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢ ᠪᠡᠯᠭᠡᠯᠡᠪᠡ᠃ | ᠰᠢ ᠶᠢᠨ ᠫᠢᠩ᠂ ᠳᠤᠮᠳᠠᠳᠤ ᠮᠤᠨᠠᠺᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ | ᠤᠯᠤᠰ ᠤᠨ ᠬᠠᠷᠢᠯᠴᠠᠭ᠎ᠠ ᠲᠦᠷᠭᠡᠨ ᠬᠥᠭᠵᠢᠪᠡ᠃ ᠬᠤᠶᠠᠷ ᠲᠠᠯ᠎ᠠ ᠪᠠᠷ ᠢᠶᠠᠨ ᠦᠨᠡᠨᠴᠢ ᠨᠥᠬᠦᠷᠰᠡᠭ᠂ ᠡᠷᠬᠡ ᠲᠡᠭᠰᠢ ᠪᠠᠷ | ᠬᠠᠨᠳᠤᠯᠴᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠢᠲᠡᠭᠡᠯᠴᠡᠭᠡ ᠪᠣᠯᠣᠨ ᠤᠯᠠᠮᠵᠢᠯᠠᠯᠲᠤ ᠨᠥᠬᠦᠷᠯᠡᠯ ᠦᠷᠭᠦᠯᠵᠢᠯᠡᠨ | ᠭᠦᠨᠵᠡᠭᠡᠶᠢᠷᠡᠵᠦ᠂ ᠴᠢᠮᠡᠭᠡ ᠬᠤᠯᠪᠣᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠪᠡᠶ᠎ᠡ ᠶᠢᠨ ᠲᠠᠮᠢᠷ᠂ ᠤᠷᠠᠯᠢᠭ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠥᠪᠡᠷᠮᠢᠴᠡ ᠣᠨᠴᠠᠯᠢᠭ ᠲᠠᠢ᠂ ᠪᠠᠶᠠᠯᠢᠭ ᠦᠷ᠎ᠡ ᠪᠦᠲᠦᠭᠡᠯ ᠣᠯᠵᠤ᠂ ᠠᠳᠠᠯᠢ ᠪᠤᠰᠤ | ᠨᠤᠲᠤᠭ ᠳᠡᠪᠢᠰᠬᠡᠷ ᠲᠠᠢ᠂ ᠠᠳᠠᠯᠢ ᠪᠤᠰᠤ ᠲᠡᠦᠬᠡ ᠰᠣᠶᠣᠯ ᠲᠠᠢ᠂ ᠠᠳᠠᠯᠢ ᠪᠤᠰᠤ ᠨᠡᠶᠢᠭᠡᠮ ᠤᠨ ᠪᠠᠶᠢᠭᠤᠯᠤᠯ ᠲᠠᠢ | ᠤᠯᠤᠰ ᠤᠨ ᠨᠥᠬᠦᠷᠰᠡᠭ ᠢᠶᠠᠷ ᠶᠠᠪᠤᠯᠴᠠᠵᠤ᠂ ᠬᠠᠮᠲᠤ ᠪᠠᠷ ᠬᠥᠭᠵᠢᠭᠰᠡᠨ ᠬᠡᠪ ᠳᠠᠭᠤᠷᠢᠶᠠᠯ ᠪᠣᠯᠵᠠᠢ᠃ ᠪᠢ ᠳᠤᠮᠳᠠᠳᠤ | ᠮᠤᠨᠠᠺᠤ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠠᠯᠪᠧᠢ ᠬᠤᠶᠠᠳᠤᠭᠠᠷ | ᠴᠢᠨ ᠸᠠᠩ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 | ᠵᠢᠯ ᠤᠨ ᠤᠢ ᠪᠠᠷ ᠰᠢᠨ᠎ᠡ ᠭᠠᠷᠤᠭ᠎ᠠ ᠪᠣᠯᠭᠠᠵᠤ᠂ ᠳᠤᠮᠳᠠᠳᠤ ᠮᠤᠨᠠᠺᠤ ᠶᠢᠨ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ | ᠠᠬᠢᠴᠠ ᠲᠠᠢ ᠪᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ | ᠵᠢᠭᠠᠵᠤ ᠭᠠᠷᠭᠠᠪᠠ᠃ | ᠠᠯᠪᠧᠢ ᠬᠤᠶᠠᠳᠤᠭᠠᠷ᠂ ᠮᠤᠨᠠᠺᠤ ᠳᠤᠮᠳᠠᠳᠤ ᠬᠤᠶᠠᠷ ᠤᠯᠤᠰ ᠤᠨ ᠨᠤᠳᠤᠭ ᠲᠠᠪᠢᠰᠭᠡᠷ ᠤᠨ ᠶᠡᠭᠡ ᠪᠠᠭ᠎ᠠ᠂ ᠰᠣᠶᠣᠯ᠂ | ᠤᠯᠤᠰ ᠤᠨ ᠪᠠᠶᠢᠳᠠᠯ ᠠᠳᠠᠯᠢ ᠦᠭᠡᠢ᠂ ᠭᠡᠪᠡᠴᠦ ᠢᠮᠠᠭᠲᠠ ᠬᠠᠷᠢᠯᠴᠠᠨ ᠬᠦᠨᠳᠦᠳᠬᠡᠬᠦ᠂ ᠬᠠᠷᠢᠯᠴᠠᠨ ᠰᠣᠯᠢᠯᠴᠠᠵᠤ | ᠬᠠᠷᠢᠯᠴᠠᠨ ᠲᠣᠯᠢ ᠪᠣᠯᠭᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ᠂ ᠳᠠᠯᠠᠢ ᠲᠠᠩᠭᠢᠰ᠂ ᠠᠵᠤ ᠠᠬᠤᠢ | ᠠᠷᠠᠯᠵᠢᠶ᠎ᠠ᠂ ᠰᠣᠶᠣᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠮᠵᠢ ᠣᠯᠵᠠᠢ᠃ ᠲᠡᠷᠢᠭᠦᠯᠡᠭᠴᠢ | ᠰᠢ ᠶᠢᠨ ᠫᠢᠩ ᠤᠨ 2019 ᠣᠨ ᠤ ᠮᠤᠨᠠᠺᠦ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠣᠯ ᠮᠤᠨᠠᠺᠤ ᠶᠢᠨ ᠪᠦᠬᠦ | ᠠᠷᠠᠳ ᠲᠦᠮᠡᠨ ᠤ ᠮᠠᠷᠲᠠᠭᠳᠠᠰᠢ ᠦᠭᠡᠢ ᠤᠯᠤᠰ ᠳᠠᠶᠠᠭᠠᠷ ᠤᠨ ᠦᠪᠡᠳᠡᠭᠰᠢ ᠶᠠᠪᠤᠳᠠᠯ ᠪᠣᠯᠣᠨ᠎ᠠ᠃ ᠮᠤᠨᠠᠺᠤ ᠶᠢᠨ ᠬᠢᠨ ᠮᠤᠨᠠᠺᠤ | ᠳᠤᠮᠳᠠᠳᠤ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠪᠢ ᠳᠤᠷᠠᠲᠠᠶ᠎ᠠ | ᠲᠡᠷᠢᠭᠦᠯᠡᠭᠴᠢ ᠠᠪᠤᠭᠠᠢ ᠲᠠᠢ ᠬᠠᠮᠲᠤ ᠪᠠᠷ᠂ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ ᠪᠠᠨ ᠥᠷᠭᠡᠳᠬᠡᠵᠦ᠂ | ᠮᠤᠨᠠᠺᠤ ᠳᠤᠮᠳᠠᠳᠤ ᠶᠢᠨ ᠬᠠᠷᠢᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠤᠨ | ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠢᠯᠡᠳᠬᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 16 ᠤ ᠴᠠᠬᠢᠯᠭᠠᠨ ᠮᠡᠳᠡᠭᠡ︶ |