ᠠᠵᠤ ᠠᠬᠤᠶ ᠶᠢᠨ ᠬᠢᠨᠠᠯᠲᠠ ᠳᠤ ᠰᠠᠭᠤᠷᠢᠯᠠᠵᠤ ︽ᠣᠨᠴᠠ ᠲᠥᠷᠥᠯ ᠤᠨ ᠴᠡᠷᠢᠭ ᠠᠩᠭᠢ︾ ᠶᠢ ᠪᠠᠶᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2025/1/17
    — ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠬᠢᠨᠠᠨ ᠪᠤᠳᠤᠬᠤ ᠬᠢᠨᠠᠯᠲᠠ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ    ︽ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ︾᠂ ︽ᠴᠢᠨᠠᠷ ᠰᠠᠶᠢᠲᠠᠢ ᠬᠢᠨᠠᠨ ᠪᠤᠳᠤᠬᠤ ᠬᠢᠨᠠᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ︾᠃ ᠣᠶᠢᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠬᠢᠨᠠᠨ ᠪᠤᠳᠤᠬᠤ ᠠᠵᠢᠯ ᠳᠤ ᠴᠢᠬᠤᠯᠠ ᠵᠢᠭᠠᠪᠤᠷᠢ ᠥᠭᠴᠦ᠂ ᠬᠢᠨᠠᠨ ᠪᠤᠳᠤᠬᠤ ᠪᠠᠶᠢᠭᠤᠯᠭ᠎ᠠ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠤᠯᠤᠰ ᠤᠨ ᠠᠵᠤ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ᠂ ᠠᠶᠤᠯ ᠲᠦᠭᠰᠢᠭᠦᠷᠢ ᠶᠢᠨ ᠬᠡᠮ ᠰᠤᠭᠤᠭ ᠢ ᠢᠯᠡᠷᠡᠭᠦᠯᠬᠦ᠂ ᠢᠯᠵᠠᠷᠠᠯ ᠢ ᠡᠰᠡᠷᠭᠦᠴᠡᠵᠦ ᠰᠠᠮᠠᠭᠤᠷᠠᠯ ᠢ ᠵᠠᠰᠠᠬᠤ ᠶᠢ ᠠᠬᠢᠭᠤᠯᠬᠤ ᠵᠡᠷᠭᠡ ᠲᠠᠯ᠎ᠠ ᠪᠠᠷ ᠪᠠᠳᠠᠷᠠᠭᠤᠯᠤᠭᠰᠠᠨ ᠢᠳᠡᠪᠬᠢᠲᠡᠶ ᠦᠢᠯᠡᠳᠦᠯ ᠢ ᠭᠦᠢᠴᠡᠳ ᠨᠤᠲᠠᠯᠠᠵᠤ᠂ ᠬᠢᠨᠠᠨ ᠪᠤᠳᠤᠬᠤ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠠᠶ᠃    ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠰᠢᠨ᠎ᠡ ᠠᠶᠠᠨ ᠳᠤ᠂ ᠨᠠᠮ ᠤᠨ ᠲᠥᠪ ᠬᠤᠷᠢᠶ᠎ᠠ ᠶᠢᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠠᠵᠤ ᠠᠬᠤᠢ ᠶᠢᠨ ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ︽ᠣᠨᠴᠠ ᠲᠦᠷᠦᠯ ᠤᠨ ᠴᠡᠷᠢᠭ ᠠᠩᠬᠢ︾ ᠶᠢ ᠪᠠᠶᠢᠭᠤᠯᠵᠤ᠂ ᠬᠢᠨᠠᠨ ᠪᠤᠳᠤᠬᠤ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠲᠠᠰᠤᠷᠠᠯᠳᠠ ᠦᠭᠡᠢ ᠰᠢᠨ᠎ᠡ ᠠᠮᠵᠢᠯᠲᠠ ᠪᠦᠲᠦᠮᠵᠢ ᠤᠯᠤᠨ᠎ᠠ ᠭᠡᠵᠦ ᠢᠯᠡᠳᠭᠡᠵᠡᠭᠡᠪᠡ᠃    ᠪᠥᠬᠦ ᠤᠯᠤᠰ ᠤᠨ ᠬᠢᠨᠠᠨ ᠪᠤᠳᠤᠬᠤ ᠠᠵᠢᠯ ᠤᠨ ᠬᠤᠷᠠᠯ ᠵᠢᠴᠢ ᠪᠥᠬᠦ ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠶᠢᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ 1 ᠰᠠᠷ᠎ᠠ ᠶᠢᠨ 10 ᠠᠴᠠ 11 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠬᠥᠬᠢᠭᠦᠯᠦᠨ ᠰᠠᠶᠢᠰᠢᠶᠠᠭᠳᠠᠭᠰᠠᠨ ᠪᠦᠬᠦ ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠶᠢᠨ ᠲᠡᠷᠢᠭᠦᠨ ᠤ ᠬᠠᠮᠲᠤ ᠶᠢᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠴᠦᠩᠴᠢᠩ ᠬᠤᠳᠠ ᠶᠢᠨ ᠬᠢᠨᠠᠨ ᠪᠤᠳᠤᠬᠤ ᠲᠣᠪᠴᠶ᠊ ᠡᠶ᠎ᠡ ᠶᠢᠨ ᠡᠳ᠋ ᠤᠨ ᠵᠠᠰᠠᠭ ᠤᠨ ᠬᠢᠨᠠᠨ ᠪᠤᠳᠤᠬᠤ ᠨᠢᠭᠡᠳᠦᠭᠡᠷ ᠭᠠᠵᠠᠷ ᠤᠨ ᠳᠠᠷᠤᠭ᠎ᠠ ᠸᠠᠨ ᠢ ᠨᠠᠨ ᠮᠠᠰᠢ ᠵᠣᠷᠢᠭᠵᠢᠵᠤ᠄ ︽ᠶᠡᠷᠦᠩᠬᠡᠢ ᠱᠦᠵᠢ ᠶᠢᠨ ᠬᠢᠨᠠᠨ ᠪᠤᠳᠤᠬᠤ ᠠᠵᠢᠯ ᠤᠨ ᠲᠤᠬᠠᠢ ᠳᠡᠭᠡᠳᠦ ᠬᠡᠮᠵᠢᠶᠡᠨ ᠤ ᠢᠲᠡᠭᠡᠯ ᠪᠠ ᠴᠢᠩ ᠰᠡᠳᠭᠢᠯ ᠤᠨ ᠬᠦᠰᠡᠯ ᠨᠠᠶᠢᠳᠠᠯᠭ᠎ᠠ ᠨᠢ ᠴᠢᠬᠢᠨ ᠳᠤ ᠬᠠᠳᠠᠩᠰᠢᠵᠤ ᠰᠡᠳᠭᠢᠯ ᠳᠤ ᠰᠠᠭᠤᠭᠳᠠᠵᠤ᠂ ᠪᠢᠳᠡᠨ ᠤ ᠠᠵᠢᠯ ᠢᠶᠠᠨ ᠰᠠᠶᠢᠲᠤᠷ ᠬᠢᠬᠦ ᠢᠲᠡᠭᠡᠯ ᠪᠠ ᠬᠦᠴᠦᠨ ᠴᠢᠳᠠᠯ ᠢ ᠤᠯᠠᠮ ᠨᠢᠭᠡ ᠠᠯᠬᠤᠮ ᠨᠡᠮᠡᠭᠳᠡᠭᠦᠯᠵᠠᠢ︾ ᠭᠡᠪᠡ᠃    ᠲᠥᠪ ᠤᠨ ᠬᠢᠨᠠᠨ ᠪᠤᠳᠤᠬᠤ ᠵᠥᠪᠯᠡᠯ ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠬᠢᠨᠠᠨ ᠪᠤᠳᠤᠬᠤ ᠪᠠᠶᠢᠭᠤᠯᠤᠯ ᠰᠢᠰᠲ᠋ᠧᠮᠲᠦ ᠴᠢᠨᠠᠷᠲᠠᠢ᠂ ᠪᠦᠬᠦᠯᠢ ᠴᠣᠭᠴᠠᠲᠤ ᠴᠢᠨᠠᠷᠲᠠᠢ ᠲᠠᠬᠢᠨ ᠪᠠᠶᠢᠭᠤᠯᠤᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ ᠬᠢᠨᠠᠨ ᠪᠤᠳᠤᠬᠤ ᠰᠢᠨ᠎ᠡ ᠵᠠᠮ ᠢ ᠨᠡᠭᠡᠭᠡᠵᠦ᠂ ᠬᠢᠨᠠᠨ ᠪᠤᠳᠤᠬᠤ ᠠᠵᠢᠯ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠪᠠ᠃ᠬᠢᠨᠠᠨ ᠪᠤᠳᠤᠬᠤ ᠵᠠᠬᠢᠷᠭ᠎ᠠ ᠶᠢᠨ ᠲᠦᠷᠦ ᠶᠢᠨ ᠪᠤᠳᠤᠯᠭ᠎ᠠ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠯᠢᠨ ᠬᠠᠢ᠂ ᠡᠳᠡᠭᠡᠷ ᠠᠮᠵᠢᠯᠲᠠ ᠪᠦᠲᠦᠮᠵᠢ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠢᠨᠠᠨ ᠪᠤᠳᠤᠬᠤ ᠬᠦᠷᠢᠶᠡᠨ ᠳᠠᠬᠢ ᠠᠮᠢᠳᠤᠯᠢᠭ ᠦᠢᠯᠡᠳᠦᠯᠭᠡ ᠮᠥᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠶᠢᠨ ᠬᠢᠨᠠᠨ ᠪᠤᠳᠤᠬᠤ ᠬᠦᠷᠢᠶᠡᠨ ᠳᠤ ᠣᠯᠤᠭᠰᠠᠨ ᠴᠢᠬᠤᠯᠠ ᠦᠷ᠎ᠡ ᠪᠦᠲᠦᠭᠡᠯ ᠮᠥᠨ᠂ ᠨᠠᠮ ᠤᠨ ᠰᠢᠨ᠎ᠡ ᠡᠭᠦᠳᠤᠯᠲᠡ ᠶᠢᠨ ᠤᠨᠤᠯ ᠤᠨ ᠦᠨᠡᠨ ᠶᠣᠰᠣᠨ ᠤ ᠬᠦᠴᠦᠨ ᠪᠠ ᠦᠢᠯᠡᠳᠦᠯᠭᠡ ᠶᠢᠨ ᠠᠤᠭ᠎ᠠ ᠬᠦᠴᠦᠨ ᠢ ᠭᠦᠢᠴᠡᠳ ᠢᠯᠡᠷᠡᠭᠦᠯᠵᠦ ᠭᠡᠷᠡᠴᠢᠯᠡᠭᠰᠡᠨ ᠪᠠᠶᠢᠨ᠎ᠠ ᠭᠡᠵᠦ ᠢᠯᠡᠳᠭᠡᠪᠡ᠃    2024 ᠣᠨ ᠤ ᠲᠦᠷᠦᠭᠦᠦ 11 ᠰᠠᠷ᠎ᠠ ᠳᠤ᠂ ᠪᠥᠬᠦ ᠤᠯᠤᠰ ᠲᠤ ᠨᠡᠶᠢᠲᠡ 5 ᠲᠦᠮᠡ ᠭᠠᠷᠤᠶ ᠨᠢᠭᠡᠴᠢ᠂ 1.9 ᠲᠦᠮᠡ ᠭᠠᠷᠤᠶ ᠤᠳᠤᠷᠢᠳᠬᠤ ᠺᠠᠳ᠋ᠷ ᠢ ᠬᠢᠨᠠᠨ ᠪᠤᠳᠤᠵᠤ᠂ ᠣᠷᠣᠯᠭ᠎ᠠ ᠶᠢ ᠨᠡᠮᠡᠭᠳᠡᠭᠦᠯᠦᠨ ᠵᠠᠷᠤᠯᠭ᠎ᠠ ᠶᠢ ᠠᠷᠪᠢᠯᠠᠬᠤ ᠪᠠ ᠬᠤᠬᠢᠷᠠᠯ ᠢ ᠡᠭᠡᠭᠦᠯᠦᠨ ᠠᠪᠴᠢᠷᠠᠬᠤ ᠶᠢ 3100 ᠭᠠᠷᠤᠶ ᠳ᠋ᠦᠩᠰᠢᠭᠤᠷ ᠲᠥᠭᠦᠷᠢᠭ ᠠᠬᠢᠭᠤᠯᠪᠠ︔ 2 ᠲᠦᠮᠡ ᠭᠠᠷᠤᠢ ᠵᠦᠢᠯ ᠤᠨ ᠲᠦᠷᠢᠮ ᠲᠣᠭᠲᠠᠭᠠᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠬᠢᠨᠠᠨ ᠪᠤᠳᠤᠯᠳᠠ ᠳᠤ ᠴᠢᠬᠤᠯᠠ ᠶᠡᠭᠡ ᠠᠰᠠᠭᠤᠳᠠᠯ ᠤᠨ ᠰᠦᠪᠡᠭᠴᠢ ᠶᠢ ᠲᠦᠮᠡ ᠭᠠᠷᠤᠢ ᠢᠯᠡᠷᠡᠭᠦᠯᠦᠭᠰᠡᠨ ᠪᠥᠭᠡᠳ ᠰᠢᠯᠵᠢᠭᠦᠯᠦᠨ ᠬᠦᠷᠭᠡᠪᠡ ᠁ ᠬᠢᠨᠠᠨ ᠪᠤᠳᠤᠯᠳᠠ ᠨᠢ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤᠮᠳᠠ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃    ︽ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶ᠎ᠠ ᠶᠢᠨ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠤᠷᠸ᠎ᠠ ᠲᠦᠷᠦ ᠶᠢᠨ ᠪᠤᠳᠤᠯᠭ᠎ᠠ ᠶᠢᠨ ᠨᠡᠩ ᠢᠳᠡᠪᠬᠢᠲᠡᠢ ᠪᠥᠭᠡᠳ ᠪᠦᠲᠦᠮᠵᠢᠲᠡᠢ ᠪᠠᠶᠢᠬᠤ ᠶᠢ ᠠᠬᠢᠭᠤᠯᠬᠤ ᠪᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠠᠬᠢᠭᠤᠯᠬᠤ ᠪᠠ ᠣᠷᠣᠨ ᠪᠦᠰᠡ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠵᠡᠷᠭᠡ ᠲᠠᠯ᠎ᠠ ᠶᠢᠨ ᠲᠣᠭᠤᠷᠢᠨ ᠳᠤ ᠬᠢᠨᠠᠨ ᠪᠤᠳᠤᠯᠳᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠨ᠎ᠡ︾ ᠭᠡᠵᠦ ᠯᠢᠨ ᠬᠠᠶ ᠬᠡᠯᠡᠪᠡ᠃    ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ ᠬᠠᠤᠯᠢ ᠶᠣᠰᠣᠨ ᠤ ᠦᠷ᠎ᠡ ᠠᠰᠢᠭ ᠭᠡᠬᠦ ᠡᠨᠡ ᠬᠦ ᠬᠢᠨᠠᠨ ᠪᠤᠳᠤᠬᠤ ᠠᠵᠢᠯ ᠤᠨ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠶᠢᠷ᠎ᠠ ᠳᠤ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠬᠥᠳᠡᠭᠡ ᠲᠣᠰᠬᠤᠨ ᠤ ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠᠨ ᠤ ᠠᠰᠠᠭᠤᠳᠠᠯ ᠨᠢ ᠬᠥᠮᠦᠰ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ 2024 ᠣᠨ ᠤ 9 ᠰᠠᠷ᠎ᠠ ᠶᠢᠨ ᠡᠴᠦᠰ ᠪᠣᠯᠲᠠᠯ᠎ᠠ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠲᠤᠰᠬᠠᠶ ᠪᠠᠯᠠ ᠮᠥᠩᠭᠦ ᠶᠢ ᠬᠢᠨᠠᠨ ᠪᠤᠳᠤᠬᠤ ᠲᠠᠯ᠎ᠠ ᠪᠠᠷ ᠨᠢᠭᠡᠨᠲᠡ 40.39 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠳᠤ ᠬᠤᠯᠪᠣᠭᠳᠠᠨ᠂ 248 ᠵᠦᠢᠯ ᠤᠨ ᠲᠦᠷᠢᠮ ᠢ ᠲᠡᠭᠦᠯᠳᠡᠷᠵᠢᠭᠦᠯᠵᠦ᠂ 1200 ᠬᠥᠮᠦᠨ ᠳᠤ ᠰᠢᠢᠳᠭᠡᠯ ᠥᠭᠪᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号