ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 17 ᠤ ᠡᠳᠦᠷ ᠤᠨ ᠴᠠᠬᠢᠯᠭᠠᠨ ᠮᠡᠳᠡᠭᠡ ᠳᠦᠷᠤ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 1 ᠰᠠᠷ᠎ᠠ ᠶᠢᠨ 17 ᠤ ᠡᠳᠦᠷ ᠳᠦᠷᠤ ᠶᠢᠨ ᠶᠠᠪᠤᠳᠠᠯ ᠤᠨ | ᠬᠤᠷᠢᠶᠠᠨ ᠤ ᠪᠠᠶᠢᠩᠬᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠠᠵᠢᠯ ᠣᠯᠭᠤᠯᠲᠠ ᠶᠢ ᠠᠬᠢᠭᠤᠯᠬᠤ | ᠬᠤᠯᠪᠣᠭᠳᠠᠯ ᠪᠦᠭᠦᠢ ᠳᠦᠷᠤ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ᠂ ᠣᠢᠠᠲᠣᠰᠣᠠ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠬᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠳᠡᠭᠡᠳᠦ ᠵᠡᠷᠭᠡ ᠶᠢᠨ ᠰᠤᠷᠭᠠᠨ ᠬᠦᠢᠮᠣᠵᠢᠯ ᠤᠨ ᠶᠠᠷᠣᠩᠭᠡᠶᠢᠯᠠᠭᠰᠠᠨ ᠣᠢᠭᠡᠷᠠᠴᠢᠯᠠᠯᠲᠠ ᠶᠢᠨ | ᠲᠤᠷᠰᠢᠯᠲᠠ ᠶᠢᠨ ᠴᠡᠭ ᠤᠨ ᠠᠵᠢᠯ ᠢ ᠰᠤᠳᠤᠯᠪᠠ᠃ | ᠬᠤᠷᠠᠯ ᠠᠴᠠ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠪᠣᠯᠪᠠᠰᠤᠷᠠᠯ ᠤᠨ ᠴᠢᠳᠠᠪᠤᠷᠢ | ᠣᠯᠭᠤᠬᠤ᠂ ᠦᠢᠯᠡᠴᠢᠯᠡᠭᠡ ᠳᠤ ᠬᠦᠴᠦᠨ ᠨᠡᠮᠡᠷᠢᠯᠡᠬᠦ ᠶᠢ ᠴᠢᠩᠭᠠᠳᠬᠠᠵᠤ᠂ ᠴᠢᠨᠠᠷ ᠰᠠᠶᠢᠲᠠᠢ ᠭᠦᠢᠴᠡᠳ ᠠᠵᠢᠯ | ᠣᠯᠭᠤᠯᠲᠠ ᠶᠢ ᠴᠢᠷᠮᠠᠶᠢᠨ ᠠᠬᠢᠭᠤᠯᠬᠤ ᠬᠡᠷᠡᠭᠲᠡᠢ᠃ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠳᠠᠯᠳᠠ ᠬᠦᠴᠦᠨ ᠢ | ᠠᠭᠤᠳᠠᠯᠤᠨ ᠪᠠᠭᠲᠠᠭᠠᠮᠵᠢ ᠶᠢ ᠥᠷᠭᠡᠳᠬᠡᠵᠦ᠂ ᠲᠡᠷᠢᠭᠦᠨ ᠤ ᠦᠢᠯᠡᠳᠬᠡᠯ᠂ ᠦᠢᠯᠡᠴᠢᠯᠡᠭᠡᠨ ᠤ ᠬᠡᠷᠡᠭᠯᠡᠭᠡ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ | ᠪᠠᠶᠢᠷᠢ ᠶᠢ ᠨᠡᠭᠡᠭᠡᠨ ᠬᠥᠭᠵᠢᠭᠦᠯᠬᠦ ᠲᠥᠯᠥᠪᠯᠡᠭᠡ ᠶᠢ ᠬᠡᠷᠡᠭᠵᠢᠭᠦᠯᠬᠦ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ | ᠠᠵᠢᠯ ᠣᠯᠭᠤᠯᠲᠠ ᠶᠢᠨ ᠳᠠᠶᠢᠴᠢᠯᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠥᠮᠦᠰ ᠲᠤ ᠠᠵᠢᠯ | ᠣᠯᠭᠤᠬᠤ ᠲᠡᠳᠬᠦᠮᠵᠢ ᠶᠢ ᠨᠡᠮᠡᠭᠳᠡᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ | ᠥᠷᠭᠡᠳᠬᠡᠬᠦ ᠲᠤᠰᠬᠠᠢ ᠵᠢᠭᠡᠯᠡᠯᠭᠡ ᠶᠢᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠂ ᠵᠠᠰᠠᠭ ᠤᠨ | ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠰᠢᠰᠲ᠋ᠧᠮ ᠢ ᠠᠬᠢᠭᠤᠯᠤᠨ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ ᠶᠢ ᠬᠦᠴᠦᠯᠡᠨ ᠳᠡᠮᠵᠢᠵᠦ᠂ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ | ᠨᠥᠬᠦᠪᠥᠷᠢ ᠬᠦᠷᠲᠡᠬᠦ ᠡᠲᠡᠭᠡᠳ ᠤᠨ ᠬᠡᠪᠴᠢᠶ᠎ᠡ ᠶᠢ ᠰᠤᠳᠤᠯᠤᠨ ᠥᠷᠭᠡᠳᠬᠡᠬᠦ ᠬᠡᠷᠡᠭᠲᠡᠢ᠃ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠶᠡᠭᠡ ᠬᠡᠪᠴᠢᠶᠡᠨ ᠤ ᠪᠣᠯᠪᠠᠰᠤᠷᠠᠯ ᠢ ᠥᠷᠨᠢᠭᠦᠯᠵᠦ᠂ ᠪᠣᠯᠪᠠᠰᠤᠷᠠᠭᠤᠯᠤᠯ ᠤᠨ ᠪᠡᠯᠡ ᠮᠥᠩᠭᠦ ᠶᠢᠨ | ᠣᠷᠣᠭᠤᠯᠤᠯᠲᠠ᠂ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠣᠷᠣᠯᠴᠠᠯᠭ᠎ᠠ ᠵᠡᠷᠭᠡ ᠲᠠᠯ᠎ᠠ ᠪᠠᠷ | ᠳᠡᠮᠵᠢᠯᠭᠡ ᠪᠠᠨ ᠨᠡᠮᠡᠭᠳᠡᠭᠦᠯᠵᠦ᠂ ᠠᠵᠢᠯ ᠲᠥᠷᠥᠯ ᠤᠨ ᠬᠦᠷᠢᠶ᠎ᠡ ᠴᠠᠷᠠᠭ᠎ᠠ ᠬᠤᠪᠢᠶᠠᠨ ᠪᠣᠯᠪᠠᠰᠤᠷᠠᠭᠤᠯᠤᠯ ᠤᠨ ᠲᠥᠯᠥᠪᠯᠡᠭᠡ | ᠲᠣᠭᠲᠠᠭᠠᠵᠤ᠂ ᠪᠣᠯᠪᠠᠰᠤᠷᠠᠭᠤᠯᠤᠯ ᠤᠨ ᠳᠡᠰ ᠳᠠᠪᠬᠤᠷᠭ᠎ᠠ ᠪᠠ ᠨᠥᠬᠦᠪᠥᠷᠢ ᠥᠭᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ | ᠬᠡᠷᠡᠭᠰᠡᠬᠦ ᠴᠢᠳᠠᠪᠤᠷᠢᠲᠠᠨ ᠢ ᠨᠡᠩ ᠣᠯᠠᠨ ᠬᠥᠭᠵᠢᠭᠦᠯᠬᠦ ᠳᠤ ᠬᠡᠷᠡᠭᠰᠡᠬᠦ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠢ᠃ | ᠬᠤᠷᠠᠯ ᠠᠴᠠ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠯ ᠠᠷᠠᠳ ᠣᠯᠠᠨ ᠤ | ᠡᠷᠡᠭᠦᠯ ᠮᠡᠨᠳᠦ ᠶᠢ ᠬᠠᠮᠠᠭᠠᠯᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠤᠨ᠎ᠠ᠃ ᠣᠳᠣᠬᠠᠨ ᠤ ᠪᠠ ᠠᠯᠤᠰ ᠬᠡᠳᠦ ᠶᠢ | ᠨᠢᠭᠡᠳᠦᠯᠲᠡᠢ ᠲᠥᠯᠥᠪᠵᠢᠭᠦᠯᠵᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ᠂ ᠬᠥᠮᠦᠨ ᠠᠮᠠ ᠶᠢᠨ | ᠪᠦᠲᠦᠴᠡ ᠶᠢᠨ ᠬᠤᠪᠢᠷᠠᠯᠲᠠ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠪᠠᠨ ᠲᠡᠭᠦᠯᠳᠡᠷᠵᠢᠭᠦᠯᠵᠦ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠬᠦ ᠳᠤ ᠨᠡᠩ | ᠶᠡᠭᠡ ᠳᠥᠭᠦᠮ ᠦᠵᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠦᠨᠳᠦᠰᠦᠨ ᠡᠮᠴᠢᠯᠡᠭᠡᠨ ᠤ ᠦᠢᠯᠡᠴᠢᠯᠡᠭᠡᠨ ᠤ ᠬᠢᠷᠢ | ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠮᠴᠢᠯᠡᠭᠡᠨ ᠤ ᠰᠠᠯᠠᠭ᠎ᠠ ᠲᠠᠰᠤᠭ ᠤᠨ ᠪᠠᠶᠢᠷᠢᠯᠠᠭᠤᠯᠤᠯᠲᠠ ᠪᠠ ᠡᠮᠴᠢᠯᠡᠭᠡᠨ ᠤ | ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠪᠦᠷᠢᠨᠰᠢᠭᠦᠯᠦᠨ᠂ ᠦᠨᠳᠦᠰᠦᠨ ᠱᠠᠲᠤᠨ ᠤ ᠡᠮ ᠬᠡᠷᠡᠭᠯᠡᠬᠦ ᠲᠥᠷᠥᠯ ᠵᠦᠢᠯ ᠢ | ᠥᠷᠭᠡᠳᠬᠡᠵᠦ᠂ ᠡᠮᠨᠡᠯᠭᠡ ᠶᠢᠨ ᠠᠵᠢᠯᠲᠠᠨ ᠤ ᠪᠣᠯᠪᠠᠰᠤᠷᠠᠯ ᠢ ᠴᠢᠩᠭᠠᠳᠬᠠᠨ᠂ ᠤᠳᠠᠭᠠᠨ ᠴᠢᠨᠠᠷᠲᠠᠢ ᠡᠪᠡᠳᠴᠢᠨ ᠪᠠ ᠪᠠᠶᠢᠩᠭᠤ | ᠲᠣᠬᠢᠶᠠᠯᠳᠤᠳᠠᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ ᠡᠷᠡᠭᠦᠯᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠤᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ᠂ ᠦᠨ᠎ᠡ ᠬᠠᠩᠰᠢ ᠵᠡᠷᠭᠡ ᠲᠣᠬᠢᠷᠠᠭᠤᠯᠤᠨ ᠡᠵᠡᠮᠳᠡᠬᠦ | ᠦᠢᠯᠡᠳᠦᠯ ᠢ ᠪᠠᠳᠠᠷᠠᠭᠤᠯᠤᠨ᠂ ᠠᠯᠤᠰ ᠡᠵᠡᠮᠰᠢᠯᠲᠦ ᠡᠮᠴᠢᠯᠡᠭᠡ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ | ᠂ ᠡᠪᠡᠳᠴᠢᠲᠡᠨ ᠤ ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ ᠶᠢ ᠬᠥᠲᠥᠯᠥᠨ ᠵᠢᠯᠣᠭᠤᠳᠴᠤ᠂ ᠭᠡᠷ ᠪᠦᠯᠢ ᠶᠢᠨ | ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠠᠬᠢᠭᠤᠯᠤᠨ᠂ ᠰᠠᠭᠤᠭᠠᠯᠢ ᠠᠷᠠᠳ ᠲᠤ ᠪᠦᠬᠦ ᠲᠠᠯ᠎ᠠ ᠶᠢᠨ ᠪᠦᠬᠦ | ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠬᠠᠩᠭᠠᠬᠤ ᠬᠡᠷᠡᠭᠲᠡᠢ᠃ | ᠬᠤᠷᠠᠯ ᠠᠴᠠ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠲᠣᠯᠣᠭᠠᠶᠢᠯᠠᠭᠴᠢ ᠪᠣᠯ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠣᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠠᠷᠭ᠎ᠠ | ᠬᠡᠯᠪᠡᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠵᠠᠭᠪᠤᠷ᠂ ᠰᠤᠷᠭᠠᠭᠤᠯᠢ ᠡᠷᠬᠢᠯᠡᠬᠦ ᠵᠠᠭᠪᠤᠷ᠂ ᠵᠠᠰᠠᠯᠲᠠ ᠶᠢᠨ | ᠰᠢᠰᠲ᠋ᠧᠮ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ᠂ | ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ᠂ ᠴᠢᠳᠠᠪᠤᠷᠢᠲᠠᠨ ᠤ ᠰᠠᠶᠢᠨ ᠣᠷᠴᠢᠯ ᠢ ᠰᠢᠯᠤᠭᠤᠳᠬᠠᠵᠤ᠂ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠨᠵᠢᠯᠡᠭᠡᠨ ᠤ ᠰᠠᠯᠠᠭ᠎ᠠ ᠲᠤᠰᠬᠠᠢ | ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠶᠢ ᠥᠭᠡᠷᠡᠴᠢᠯᠡᠯᠲᠡ ᠶᠢᠨ ᠭᠤᠣᠯᠳᠠᠯᠭ᠎ᠠ ᠪᠣᠯᠭᠠᠵᠤ᠂ ᠶᠡᠭᠡ ᠳᠡᠭᠡᠳᠦ | ᠰᠤᠷᠭᠠᠭᠤᠯᠢ ᠳᠤ ᠨᠡᠩ ᠶᠡᠭᠡ ᠡᠵᠡᠨ ᠮᠡᠳᠡᠬᠦ ᠡᠷᠬᠡ ᠣᠯᠭᠤᠵᠤ᠂ ᠤᠯᠤᠰ ᠤᠨ ᠪᠠᠶᠢᠯᠳᠤᠬᠤ ᠪᠣᠳᠣᠯᠭ᠎ᠠ᠂ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠪᠠᠷ ᠬᠥᠲᠥᠯᠦᠮᠵᠢ ᠪᠣᠯᠭᠠᠵᠤ | ᠂ ᠰᠢᠨᠵᠢᠯᠡᠭᠡᠨ ᠤ ᠰᠠᠯᠠᠭ᠎ᠠ ᠶᠢᠨ ᠪᠠᠶᠢᠷᠢᠯᠠᠭᠤᠯᠤᠯᠲᠠ ᠪᠠ ᠴᠢᠳᠠᠪᠤᠷᠢᠲᠠᠨ ᠬᠥᠮᠦᠵᠢᠭᠦᠯᠬᠦ ᠵᠠᠭᠪᠤᠷ ᠲᠤ ᠰᠢᠨᠵᠢᠯᠡᠬᠦ ᠤᠬᠠᠭᠠᠨᠴᠢ | ᠲᠣᠬᠢᠷᠠᠭᠤᠯᠤᠯᠲᠠ ᠬᠢᠵᠦ᠂ ᠬᠢᠴᠢᠶᠡᠯ ᠪᠠ ᠵᠢᠭᠠᠬᠤ ᠮᠠᠲ᠋ᠧᠷᠢᠶᠠᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠰᠢᠨᠵᠢᠯᠡᠭᠡᠨ ᠤ | ᠰᠠᠯᠠᠭ᠎ᠠ ᠶᠢᠨ ᠰᠣᠯᠪᠢᠴᠠᠨ ᠠᠭᠤᠰᠤᠯᠴᠠᠬᠤ ᠶᠢ ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠢᠭᠡᠳ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠵᠣᠬᠢᠴᠠᠯᠳᠤᠯ ᠤᠨ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠤᠨ ᠥᠭᠡᠷᠡᠴᠢᠯᠡᠯᠲᠡ ᠶᠢᠨ | ᠳᠣᠬᠢᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠣᠨᠴᠠᠯᠢᠭᠲᠤ ᠬᠥᠭᠵᠢᠯᠲᠡ᠂ | ᠪᠠᠭᠰᠢ ᠶᠢᠨ ᠨᠢᠭᠡ ᠰᠡᠳᠬᠢᠯ ᠢᠶᠠᠷ ᠵᠢᠭᠠᠨ ᠰᠤᠷᠭᠠᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠬᠤ ᠬᠡᠷᠡᠭᠲᠡᠢ᠃ | | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |