ᠳ᠋ᠢᠩ ᠰᠢᠦᠸᠡᠢ ᠰᠢᠶᠠᠩ ᠬᠤᠷᠠᠯ ᠢ ᠡᠷᠬᠢᠯᠡᠵᠡᠢ ᠯᠢ ᠰᠢ ᠨᠡᠷ ᠣᠷᠣᠯᠴᠠᠪᠠ | ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 17 ᠤ ᠴᠠᠬᠢᠯᠭᠠᠨ ᠮᠡᠳᠡᠭᠡ 1 ᠰᠠᠷ᠎ᠠ ᠶᠢᠨ 17 ᠤ ᠡᠳᠦᠷ᠂ | ᠲᠥᠷᠥ ᠶᠢᠨ ᠶᠠᠪᠤᠳᠠᠯ ᠤᠨ ᠬᠤᠷᠢᠶ᠎ᠠ ᠭᠤᠷᠪᠠᠳᠤᠭᠠᠷ ᠤᠳᠠᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ | ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠬᠤᠷᠠᠯ ᠳᠡᠭᠡᠷ᠎ᠡ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ | ᠪᠣᠯᠤᠨ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ | ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠴᠢᠨᠠᠷ | ᠰᠠᠶᠢᠲᠠᠢ ᠬᠥᠭᠵᠢᠯᠲᠡ ᠪᠣᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠱᠦᠵᠢ ᠯᠢ ᠰᠢ ᠤᠷᠢᠯᠭ᠎ᠠ ᠪᠠᠷ ᠬᠤᠷᠠᠯ ᠳᠤ ᠣᠷᠣᠯᠴᠠᠪᠠ᠃ | ᠯᠢ ᠴᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ | ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ | ᠵᠢᠷᠤᠮᠯᠠᠯ ᠬᠠᠩᠭᠠᠵᠠᠢ᠃ ᠪᠢᠳᠡ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠪᠣᠯᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ | ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠣᠳᠣᠬᠠᠨ ᠤ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠬᠤ ᠶᠢ ᠭᠦᠨᠵᠡᠭᠡᠢ | ᠲᠠᠨᠢᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠣᠳᠣᠬᠤ ᠦᠭᠡᠢ ᠪᠠᠶᠢᠬᠤ ᠶᠢ | ᠨᠢᠭᠡ ᠴᠣᠭᠴᠠᠵᠢᠭᠤᠯᠤᠨ ᠠᠬᠢᠭᠤᠯᠬᠤ ᠴᠢᠭᠯᠡᠯᠲᠡ ᠠᠷᠭ᠎ᠠ ᠪᠣᠳᠣᠯᠭ᠎ᠠ ᠶᠢ ᠭᠦᠨᠵᠡᠭᠡᠢ ᠡᠵᠡᠮᠳᠡᠵᠦ᠂ ᠡᠭᠦᠷᠢᠳᠡ ᠵᠤᠬᠰᠤᠰᠢ | ᠦᠭᠡᠢ ᠪᠠᠶᠢᠬᠤ ᠬᠠᠳᠠᠨ ᠵᠣᠷᠢᠭ ᠢᠶᠠᠷ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠬᠡᠷᠡᠭᠲᠡᠢ᠃ |