ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/2
   12 ᠰᠠᠷ᠎ᠠ ᠶᠢᠨ 31 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠲᠦᠩ ᠬᠤᠩ ᠶᠠᠨ ᠬᠤᠷᠠᠯ ᠢ ᠡᠷᠬᠢᠯᠡᠪᠡ᠃    ᠬᠤᠷᠠᠯ ᠳᠡᠭᠡᠷ᠎ᠡ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ︔ ᠬᠤᠰᠢᠭᠤᠨ ᠤ ᠵᠠᠰᠠᠭ ᠤᠨ ᠣᠷᠳᠣᠨ ᠠᠴᠠ 2024 ᠣᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠮᠡᠳᠡᠭᠳᠡᠪᠡ︔ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠰᠣᠩᠭᠤᠭᠤᠯᠢ ᠶᠢᠨ ᠠᠷᠭ᠎ᠠ ︵ᠡᠬᠡ ᠨᠣᠣᠷᠠᠭ︶ ᠶᠢ ᠬᠢᠨᠠᠨ ᠵᠥᠪᠯᠡᠵᠦ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢ᠊ ᠡᠶ᠎ᠡ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠰᠣᠩᠭᠤᠭᠤᠯᠢ ᠶᠢᠨ ᠠᠷᠭ᠎ᠠ ︵ᠡᠬᠡ ᠨᠤᠤᠷᠠᠭ︶︔ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢ᠊ ᠡᠶ᠎ᠡ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠰᠣᠩᠭᠤᠭᠤᠯᠢ ᠶᠢᠨ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ᠂ ᠪᠢᠯᠧᠲ ᠪᠦᠷᠢᠳᠬᠡᠭᠴᠢ ᠶᠢᠨ ᠰᠠᠨᠠᠭᠤᠯᠭ᠎ᠠ ᠶᠢᠨ ᠨᠡᠷᠡᠰ ᠪᠠ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠺᠣᠮᠢᠰ ᠤᠨ ᠰᠠᠨᠠᠭᠤᠯᠭ᠎ᠠ ᠶᠢᠨ ᠨᠡᠷᠡᠰ︔ 2024 ᠣᠨ ᠤ ᠰᠢᠯᠢᠳᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠢᠯᠢᠳᠡᠭ ᠰᠠᠨᠠᠯ ᠳᠤᠷᠠᠳᠤᠯᠭ᠎ᠠ ᠶᠢ ᠬᠥᠬᠢᠭᠦᠯᠦᠨ ᠰᠠᠶᠢᠰᠢᠶᠠᠬᠤ ᠤᠴᠢᠷ ᠶᠠᠪᠤᠳᠠᠯ ᠢ ᠬᠢᠨᠠᠨ ᠵᠥᠪᠯᠡᠵᠦ ᠪᠠᠲᠤᠯᠠᠪᠠ᠃    ᠲᠦᠩ ᠬᠤᠩ ᠶᠠᠨ ᠴᠢᠬᠤᠯᠠᠴᠢᠯᠠᠭᠰᠠᠨ ᠨᠢ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢ᠊ ᠡᠶ᠎ᠡ ᠶᠢᠨ ᠶᠢᠰᠦᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠬᠠᠨᠳᠤᠰᠢ ᠪᠣᠯᠤᠨ ᠴᠢᠬᠤᠯᠠ ᠬᠠᠷᠠᠯᠲᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠢᠯᠡᠳᠲᠡ ᠤᠯᠤᠰ ᠲᠥᠷᠥ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠲᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢ ᠨᠡᠩ ᠰᠠᠶᠢᠲᠤᠷ ᠪᠠᠶᠢᠭᠤᠯᠵᠤ ᠥᠭᠬᠦ ᠬᠡᠷᠡᠭᠲᠡᠢ᠃ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠠᠵᠢᠯ ᠤᠨ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠢ ᠤᠯᠤᠰ ᠲᠥᠷᠥ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠬᠦᠴᠢᠷ ᠠᠰᠠᠭᠤᠳᠠᠯ ᠪᠠ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤᠮᠳᠠᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠣᠯᠠᠨ ᠲᠦᠮᠡᠨ ᠤ ᠰᠠᠨᠠᠯ ᠢ ᠲᠤᠰᠬᠠᠬᠤ ᠶᠠᠪᠤᠳᠠᠯ ᠢ ᠰᠠᠨᠠᠯ ᠵᠥᠪᠯᠡᠯᠭᠡ ᠳᠤᠷᠠᠳᠬᠤ ᠴᠢᠬᠤᠯᠠ ᠠᠷᠭ᠎ᠠ ᠵᠠᠮ ᠪᠣᠯᠭᠠᠵᠤ᠂ ᠰᠠᠨᠠᠯ ᠵᠥᠪᠯᠡᠯᠭᠡ ᠪᠠᠷ ᠳᠠᠮᠵᠢᠭᠤᠯᠤᠨ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠨᠡᠨ ᠬᠦ ᠨᠡᠮᠡᠭᠳᠡᠭᠦᠯᠬᠦ ᠬᠡᠷᠡᠭᠲᠡᠢ᠃ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠢᠯ ᠤᠨ ᠰᠢᠰᠲ᠋ᠧᠮᠲᠦ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠲᠠᠰᠤᠷᠠᠯᠲᠠ ᠥᠬᠡᠶ ᠴᠢᠩᠭᠠᠳᠬᠠᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠬᠤᠷᠠᠯ ᠤᠨ ᠤᠷᠤᠭᠰᠢᠲᠠᠢ ᠬᠤᠷᠠᠯᠳᠤᠬᠤ᠂ ᠲᠡᠭᠦᠰ ᠠᠮᠵᠢᠯᠲᠠ ᠣᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号