︵2024 ᠣᠨ ᠤ 12 ᠰᠠᠷ᠎ᠠ ᠶᠢᠨ 31 ᠤ ᠡᠳᠦᠷ︶ | ᠰᠢ ᠶᠢᠨ ᠫᠢᠩ | | | | ᠨᠥᠬᠦᠳ ᠡ᠂ ᠨᠠᠶᠢᠵᠠ ᠨᠠᠷ ᠡ᠄ | ᠡᠨᠡ ᠡᠳᠦᠷ᠂ ᠪᠢᠳᠡ ᠨᠢᠭᠡ ᠲᠠᠩᠬᠢᠮ ᠳᠤ ᠴᠤᠭᠯᠠᠷᠠᠵᠤ᠂ ᠨᠥᠬᠦᠷᠯᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠤᠯᠤᠰ ᠤᠨ | ᠶᠡᠭᠡ ᠶᠠᠪᠤᠳᠠᠯ ᠢ ᠬᠠᠮᠲᠤ ᠪᠠᠷ ᠵᠥᠪᠳᠡᠯᠴᠡᠵᠦ᠂ ᠬᠠᠮᠳᠤ ᠪᠠᠷ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠵᠤ | ᠪᠠᠶᠢᠨ᠎ᠠ᠃ | ᠡᠩ ᠲᠡᠷᠢᠭᠦᠨ ᠳᠤ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠶ᠊ ᠡᠶ᠎ᠡ ᠪᠤᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠡᠯ᠎ᠡ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠦᠰ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠰᠢᠶᠠᠩᠭᠠᠩ ᠤᠨ ᠠᠬ᠎ᠠ ᠳᠡᠭᠦᠦ ᠨᠡᠷ᠂ ᠣᠣᠮᠧᠨ ᠤ ᠠᠬ᠎ᠠ ᠳᠡᠭᠦᠦ ᠨᠡᠷ᠂ | ᠲᠠᠶᠢᠸᠠᠨ ᠤ ᠠᠬ᠎ᠠ ᠳᠡᠭᠦᠦ ᠨᠡᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ᠂ ᠳᠤᠮᠳᠠᠳᠤ ᠤᠯᠤᠰ ᠤᠨ | ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ ᠡᠯ᠎ᠡ ᠤᠯᠤᠰ ᠤᠨ ᠨᠠᠶᠢᠵᠠ ᠨᠠᠷ ᠲᠤ ᠰᠢᠨ᠎ᠡ | ᠵᠢᠯ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ︕ | 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ | ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ | ᠪᠠᠶᠢᠳᠠᠯ ᠤᠨ ᠠᠪᠴᠢᠷᠠᠭᠰᠠᠨ ᠦᠷᠢᠰᠦᠯᠳᠦᠭᠡᠨ ᠤ ᠡᠮᠦᠨ᠎ᠡ᠂ ᠪᠢᠳᠡ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ | ᠠᠷᠭᠠᠴᠠᠭᠠᠨ᠂ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠭ᠎ᠠ ᠶᠢ ᠠᠯᠬᠤᠪᠠ᠃ | ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠪᠠᠶᠢᠵᠤ᠂ ᠠᠮᠵᠢᠯᠲᠠ ᠪᠦᠲᠦᠮᠵᠢ | ᠬᠥᠮᠦᠰ ᠢ ᠵᠣᠷᠢᠭᠵᠢᠭᠤᠯᠤᠨ᠎ᠠ᠃ ᠠᠵᠤ ᠠᠬᠤᠶ ᠶᠢᠨ ᠡᠷᠭᠢᠯᠳᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ | ᠳᠤᠮᠳᠠ ᠤᠷᠤᠭᠰᠢᠯᠠᠨ ᠳᠡᠪᠰᠢᠵᠦ᠂ ᠴᠢᠨᠠᠷ ᠰᠠᠶᠢᠲᠠᠶ ᠬᠥᠭᠵᠢᠯᠲᠡ ᠯᠠᠪᠳᠠᠭᠤᠨ ᠪᠠᠲᠤᠲᠠᠶ ᠠᠭᠢᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠴᠢᠬᠤᠯᠠ ᠠᠬᠢᠴᠠ ᠲᠠᠢ ᠪᠣᠯᠵᠣ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠲᠣᠭᠲᠠᠭᠤᠨ ᠢᠶᠠᠷ ᠬᠥᠭᠵᠢᠵᠦ᠂ ᠵᠢᠱᠢᠯᠲᠡ ᠪᠠᠷ ᠪᠥᠬᠦ ᠵᠢᠯ ᠤᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠶ ᠥᠷᠲᠡᠭ 5% ᠣᠷᠴᠢᠮ ᠨᠡᠮᠡᠭᠳᠡᠵᠦ᠂ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 1. | 4 ᠲᠦᠮᠡᠨ ᠳ᠋ᠦᠩᠰᠢᠭᠤᠷ ᠵᠢᠩ ᠢ ᠳᠠᠪᠠᠪᠠ᠃ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ | ᠢᠯᠠᠯᠲᠠ ᠲᠠᠢ ᠪᠠᠷ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠃ ᠭᠤᠤᠯᠳᠠᠯᠭ᠎ᠠ ᠲᠠᠢ | ᠬᠦᠷᠢᠶᠡᠨ ᠳᠠᠬᠢ ᠠᠶᠤᠯ ᠲᠦᠭᠰᠢᠭᠦᠷᠢ ᠶᠢ ᠰᠶᠢᠳᠪᠦᠷᠢᠯᠡᠨ ᠠᠷᠢᠯᠭᠠᠬᠤ ᠠᠵᠢᠯ ᠡᠮᠬᠢ ᠵᠢᠷᠤᠮ ᠲᠠᠢ ᠪᠥᠭᠡᠳ ᠪᠦᠲᠦᠮᠵᠢᠲᠡᠶ | ᠶᠠᠪᠤᠭᠳᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠥᠭᠡᠳ ᠬᠦᠴᠦᠲᠡᠶ ᠪᠠᠶᠢᠵᠤ᠂ ᠠᠵᠢᠯ ᠣᠯᠭᠤᠯᠲᠠ᠂ | ᠪᠠᠷᠠᠭᠠᠨ ᠤ ᠦᠨ᠎ᠡ ᠶᠢᠨ ᠲᠣᠭᠲᠠᠭᠤᠨ ᠢ ᠪᠠᠲᠤᠯᠠᠪᠠ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠣᠶ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠠᠶᠢᠭᠤᠯᠤᠭᠳᠠᠭᠰᠠᠨ 70 ᠵᠢᠯ ᠤᠨ ᠣᠶ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠣᠶ᠂ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ | ᠦᠪᠡᠳᠡᠭᠰᠢ ᠶᠡᠭᠡ ᠪᠠᠷ ᠪᠡᠯᠭᠡᠯᠡᠵᠦ᠂ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ᠂ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠪᠣᠯᠤᠨ ᠡᠬᠡ ᠤᠯᠤᠰ ᠤᠨ ᠨᠢᠭᠡᠳᠦᠯ ᠤᠨ ᠶᠡᠭᠡ ᠦᠢᠯᠡᠰ ᠯᠠᠪᠳᠠᠭᠤᠨ ᠢᠶᠠᠷ | ᠤᠷᠤᠭᠰᠢᠯᠠᠪᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ ᠶᠢ ᠭᠦᠨᠵᠡᠭᠡᠢ | ᠠᠬᠢᠭᠤᠯᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠷᠡᠰ | ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠠᠯ ᠢ ᠡᠰᠡᠷᠭᠦᠴᠡᠪᠡ᠃ ᠡᠳᠡᠭᠡᠷ | ᠠᠮᠵᠢᠯᠲᠠ ᠪᠦᠲᠦᠮᠵᠢ ᠨᠢ ᠪᠢᠳᠡᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠷᠡᠰ ᠵᠣᠷᠢᠭ | ᠪᠠ ᠢᠲᠡᠭᠡᠯ ᠢ ᠨᠡᠩ ᠪᠠᠲᠤᠳᠬᠠᠪᠠ᠃ | ᠨᠥᠬᠦᠳ ᠡ᠂ ᠨᠠᠶᠢᠵᠠ ᠨᠠᠷ ᠡ︕ | ᠨᠢᠭᠡ ᠵᠢᠯ ᠤᠨ ᠲᠤᠷᠰᠢ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠡᠭᠦᠷᠭᠡ ᠶᠢᠨ | ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ | ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃ | ᠨᠥᠬᠦᠳ ᠡ᠂ ᠨᠠᠶᠢᠵᠠ ᠨᠠᠷ ᠡ︕ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ | ᠪᠣᠯᠤᠨ᠎ᠠ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ | ᠪᠠᠲᠤᠲᠠᠶ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ | ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠭᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ | ᠨᠢᠭᠡᠳᠦᠯᠲᠡᠶ ᠲᠥᠯᠥᠪᠵᠢᠭᠦᠯᠵᠦ᠂ ᠨᠠᠩ ᠢᠳᠡᠪᠬᠢᠲᠡᠶ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠠᠵᠤ ᠠᠬᠤᠶ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠠᠷᠠᠳ ᠤᠨ | ᠠᠮᠢᠳᠤᠷᠠᠯ ᠤᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ | ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ | ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ | ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ᠃ | ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ | ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ | ᠦᠢᠯᠡᠴᠢᠯᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠦᠵᠡᠯ ᠰᠠᠨᠠᠭ᠎ᠠ | ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠢᠳᠡᠪᠬᠢᠲᠡᠢ ᠪᠠᠷ ᠵᠠᠰᠠᠭ ᠤᠨ ᠶᠠᠪᠤᠳᠠᠯ ᠢ ᠵᠥᠪᠯᠡᠨ ᠰᠠᠨᠠᠯ | ᠰᠠᠨᠠᠭᠤᠯᠭ᠎ᠠ ᠳᠤᠷᠠᠳᠴᠤ᠂ ᠨᠡᠩ ᠥᠷᠭᠡᠨ ᠳᠡᠯᠭᠡᠷᠡᠩᠭᠦᠢ ᠪᠠᠷ ᠬᠥᠮᠦᠰ ᠤᠨ ᠰᠡᠳᠭᠢᠯ ᠢ ᠨᠢᠭᠲᠠᠷᠠᠭᠤᠯᠤᠨ᠂ ᠬᠠᠮᠲᠤ ᠶᠢᠨ | ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠤᠨ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃ | ᠨᠥᠬᠦᠳ ᠡ᠂ ᠨᠠᠶᠢᠵᠠ ᠨᠠᠷ ᠡ︕ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ᠂ ᠤᠷᠢᠬᠠᠨ ᠰᠠᠯᠬᠢ ᠡᠶᠡᠪᠡᠷᠭᠦᠤ ᠨᠠᠷᠠ | ᠪᠠᠶᠢᠬᠤ ᠪᠠᠷ ᠪᠠᠷᠠᠬᠤ ᠥᠬᠡᠶ᠂ ᠪᠠᠰᠠ ᠰᠠᠯᠬᠢ ᠪᠣᠷᠣᠭᠠᠨ ᠴᠢᠨᠠᠭᠰᠢᠯᠠᠪᠠᠯ ᠳᠣᠭᠰᠢᠨ ᠳᠠᠪᠠᠯᠭᠠᠨ ᠰᠢᠷᠦᠭᠦᠨ ᠳᠣᠯᠭᠢᠶᠠᠨ ᠳᠤ | ᠤᠴᠠᠷᠠᠬᠤ ᠶᠤᠮ᠃ ᠪᠢᠳᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠥᠬᠦ ᠳᠤᠮᠳᠠᠳᠤ ᠶᠢᠨ | ᠬᠥᠪᠡᠭᠦᠳ ᠥᠬᠢᠳ ᠤᠨ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠰᠠᠯᠬᠢ | ᠳᠠᠪᠠᠯᠭᠠᠨ ᠢ ᠰᠦᠷᠦᠨ ᠡᠷᠡᠯᠬᠡᠭᠯᠡᠨ ᠤᠷᠤᠭᠰᠢᠯᠠᠵᠤ᠂ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠥᠬᠡᠶ ᠤᠷᠤᠭᠰᠢ ᠠᠬᠢᠭᠤᠯᠰᠤᠭᠠᠢ︕ | ᠲᠠ ᠣᠯᠠᠨ ᠳᠤ ᠪᠠᠶᠠᠷᠯᠠᠯ᠎ᠠ︕ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 31 ᠤ ᠴᠠᠬᠢᠯᠭᠠᠨ ᠮᠡᠳᠡᠭᠡ︶ |