ᠬᠤᠣᠷ ᠲᠠᠢ ᠢᠳᠡᠭᠡᠨ ᠡᠮ ᠤᠨ ᠵᠦᠢᠯ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2025/1/20
    ᠢᠳᠡᠭᠡᠨ ᠪᠠ ᠡᠮ ᠤᠨ ᠵᠦᠢᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠢᠷᠤᠮᠵᠢᠭᠤᠯᠵᠤ᠂ ᠪᠦᠬᠦ ᠬᠤᠰᠢᠭᠤᠨ ᠤ ᠠᠷᠠᠳ ᠲᠦᠮᠡᠨ ᠤ ᠬᠤᠳᠠᠯ ᠬᠠᠭᠤᠷᠮᠠᠭ ᠲᠤ ᠴᠣᠬᠢᠯᠲᠠ ᠥᠭᠴᠦ ᠬᠠᠭᠤᠷᠮᠠᠭ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠳᠡᠭᠡᠨ ᠪᠠ ᠡᠮ ᠤᠨ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠠᠮᠤᠷ ᠲᠦᠪᠰᠢᠨ ᠬᠡᠷᠡᠭᠯᠡᠭᠡᠨ ᠤ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠤᠣᠷᠲᠠᠢ ᠬᠤᠣᠷᠲᠤ ᠢᠳᠡᠭᠡᠨ ᠪᠠ ᠡᠮ ᠤᠨ ᠵᠦᠢᠯ ᠢ ᠲᠥᠪᠯᠡᠷᠡᠭᠦᠯᠦᠨ ᠤᠰᠠᠳᠬᠠᠬᠤ ᠠᠵᠢᠯᠯᠠᠭ᠎ᠠ ᠥᠷᠨᠢᠭᠦᠯᠪᠡ᠃    ᠲᠤᠬᠠᠢ ᠶᠢᠨ ᠲᠠᠯᠠᠪᠤᠷ ᠢ ᠤᠰᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠨ ᠪᠠᠶᠢᠴᠠᠭᠠᠨ ᠣᠯᠤᠭᠰᠠᠨ ᠬᠤᠣᠷᠲᠠᠢ ᠬᠤᠣᠷ ᠬᠥᠨᠥᠭᠡᠯ ᠲᠠᠢ ᠢᠳᠡᠭᠡᠨ ᠪᠠ ᠡᠮ ᠤᠨ ᠵᠦᠢᠯ ᠤᠨ ᠨᠠᠷᠢᠨ ᠳᠠᠩᠰᠠ ᠲᠠᠢ ᠬᠠᠷᠢᠴᠠᠭᠤᠯᠤᠨ᠂ ᠨᠡᠷᠡᠶᠢᠳᠦᠯ᠂ ᠲᠥᠷᠥᠯ ᠵᠦᠢᠯ᠂ ᠲᠤᠭ᠎ᠠ ᠬᠡᠮᠵᠢᠶ᠎ᠡ ᠵᠡᠷᠭᠡ ᠶᠢ ᠨᠢᠭᠡᠳ ᠨᠢᠭᠡ ᠪᠠᠷ ᠪᠦᠷᠢᠳᠬᠡᠨ ᠬᠠᠷᠭᠤᠭᠤᠯᠪᠠ᠃ ᠠᠯᠳᠠᠭ᠎ᠠ ᠦᠭᠡᠢ ᠪᠠᠶᠢᠬᠤ ᠶᠢ ᠨᠤᠲᠠᠯᠠᠭᠰᠠᠨ ᠤ ᠳᠠᠷᠠᠭ᠎ᠠ᠂ ᠲᠣᠭᠲᠠᠭᠠᠭᠰᠠᠨ ᠰᠢᠲᠠᠭᠠᠬᠤ ᠴᠡᠭ ᠲᠤ ᠵᠠᠳᠠᠯᠬᠤ᠂ ᠰᠢᠲᠠᠭᠠᠬᠤ ᠵᠡᠷᠭᠡ ᠠᠷᠭ᠎ᠠ ᠪᠠᠷ ᠪᠠᠶᠢᠴᠠᠭᠠᠵᠤ ᠣᠯᠤᠭᠰᠠᠨ ᠬᠤᠣᠷᠲᠠᠢ ᠬᠤᠣᠷᠲᠤ ᠢᠳᠡᠭᠡᠨ ᠪᠠ ᠡᠮ ᠤᠨ ᠵᠦᠢᠯ ᠢ ᠲᠤᠬᠠᠢ ᠶᠢᠨ ᠭᠠᠵᠠᠷ ᠲᠤᠨᠢ ᠤᠰᠠᠳᠬᠠᠬᠤ ᠶᠢᠨ ᠬᠠᠮᠲᠤ ᠬᠤᠣᠷ ᠦᠭᠡᠢ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠤᠰᠠᠳᠬᠠᠬᠤ ᠠᠷᠭ᠎ᠠ ᠮᠠᠶ᠋ᠢᠭ ᠢᠶᠠᠷ ᠲᠥᠪᠯᠡᠷᠡᠭᠦᠯᠦᠨ ᠨᠢᠭᠡᠳᠦᠯᠲᠡᠢ ᠰᠢᠢᠳᠪᠦᠷᠢᠯᠡᠵᠦ᠂ ᠤᠰᠠᠳᠬᠠᠬᠤ ᠶᠠᠪᠤᠴᠠ ᠶᠢᠨ ᠪᠦᠬᠦ ᠶᠠᠪᠤᠴᠠ ᠳᠤ ᠬᠢᠨᠠᠯᠲᠠ ᠲᠠᠯᠪᠢᠨ᠎ᠠ᠃ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠤᠯᠢ ᠠᠴᠠ ᠵᠥᠷᠢᠴᠡᠭᠰᠡᠨ ᠰᠦᠪᠡᠭᠴᠢ ᠶᠢ ᠮᠡᠳᠡᠭᠳᠡᠬᠦ᠂ ᠬᠡᠷᠡᠭ ᠲᠤ ᠬᠤᠯᠪᠣᠭᠳᠠᠭᠰᠠᠨ ᠡᠳ᠋ ᠪᠣᠳᠠᠰ ᠢ ᠮᠠᠭᠠᠳᠯᠠᠨ ᠲᠣᠭᠲᠠᠭᠠᠬᠤ᠂ ᠬᠡᠷᠡᠭ ᠢ ᠰᠢᠯᠵᠢᠭᠦᠯᠦᠨ ᠲᠤᠰᠢᠶᠠᠬᠤ ᠵᠡᠷᠭᠡ ᠠᠵᠢᠯ ᠤᠨ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ 2024 ᠣᠨ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠭᠰᠡᠨ ᠬᠡᠷᠡᠭ ᠢ ᠨᠡᠶᠢᠲᠡ 5 ᠤᠳᠠᠭ᠎ᠠ᠂ ᠬᠠᠮᠲᠤᠷᠠᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠵᠤ᠂ ᠬᠤᠭᠤᠴᠠᠭ᠎ᠠ ᠨᠢ ᠥᠩᠭᠡᠷᠡᠭᠰᠡᠨ ᠡᠳ᠋ ᠪᠣᠳᠠᠰ ᠢ ᠤᠰᠠᠳᠬᠠᠵᠤ᠂ ᠳᠡᠰ ᠳᠠᠷᠠᠭᠠᠯᠠᠯ ᠤᠨ ᠶᠣᠰᠣᠭᠠᠷ ᠪᠦᠷᠢᠳᠬᠡᠨ ᠪᠠᠶᠢᠴᠠᠭᠠᠵᠤ ᠢᠯᠡᠷᠡᠭᠦᠯᠦᠭᠰᠡᠨ ︿ᠬᠤᠶᠠᠷ ᠪᠦᠲᠦᠭᠡᠭᠳᠡᠬᠦᠨ ᠨᠢᠭᠡ ᠪᠠᠭᠠᠵᠢ ᠬᠡᠷᠡᠭᠰᠡᠯ ᠢ ᠤᠰᠠᠳᠬᠠᠵᠤ᠂ ᠲᠥᠷᠥᠯ ᠬᠤᠪᠢᠶᠠᠨ ᠪᠢᠲᠡᠭᠦᠮᠵᠢᠯᠡᠵᠦ ᠬᠠᠳᠠᠭᠠᠯᠠᠨ᠂ ᠨᠢᠭᠡᠳᠦᠯᠲᠡᠢ ᠠᠮᠤᠷ ᠲᠦᠪᠰᠢᠨ ᠢ ᠬᠤᠣᠷ ᠦᠭᠡᠶᠢᠳᠡᠭᠦᠯᠦᠨ ᠤᠰᠠᠳᠬᠠᠪᠠ᠃    ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠤᠯᠠᠮ ᠨᠢᠭᠡ ᠠᠯᠬᠤᠮ ᠴᠣᠬᠢᠯᠲᠠ ᠥᠭᠬᠦ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ︾ ᠭᠡᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢᠶᠠᠩ ᠶᠢᠨ ᠪᠦᠦ ᠬᠡᠯᠡᠵᠡᠢ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠤᠰᠠᠳᠬᠠᠭᠰᠠᠨ ᠡᠳ᠋ ᠪᠣᠳᠠᠰ ᠪᠣᠯ 2023 ᠣᠨ ᠠᠴᠠ ᠨᠠᠰᠢ ᠲᠠᠩᠨᠠᠨ ᠢᠯᠡᠷᠡᠭᠦᠯᠦᠭᠰᠡᠨ ᠬᠤᠣᠷᠲᠤ ᠢᠳᠡᠭᠡᠨ ᠪᠠ ᠡᠮ ᠤᠨ ᠵᠦᠢᠯ ᠢ ᠪᠣᠷᠣᠯᠠᠭᠤᠯᠤᠭᠰᠠᠨ ᠬᠡᠷᠡᠭ ᠲᠤ ᠬᠤᠯᠪᠣᠭᠳᠠᠭᠰᠠᠨ 14 ᠬᠡᠷᠡᠭ ᠢ ᠳᠠᠷᠤᠵᠤ ᠠᠪᠤᠭᠰᠠᠨ ᠬᠠᠤᠯᠢ ᠪᠤᠰᠤ ᠪᠠᠷ ᠨᠡᠮᠡᠭᠰᠡᠨ ᠰᠢ ᠳ᠋ᠢ ᠨᠠᠹᠠ᠂ ᠰᠢᠪᠦ᠋ᠴᠦ᠋ᠮᠢᠩ ᠵᠡᠷᠭᠡ ᠪᠦᠷᠢᠯᠳᠦᠬᠦᠨ ᠢ 31 ᠵᠦᠢᠯ᠂ 862 ᠵᠦᠢᠯ᠂ 2465 ᠬᠠᠶᠢᠷᠴᠠᠭ ᠵᠤᠸᠠᠩ ᠶᠠᠩ ᠤᠨ ᠡᠷᠡᠭᠦᠯᠵᠢᠯ ᠤᠨ ᠡᠳ᠋ ᠵᠢᠴᠢ ᠮᠠᠷᠢᠶ᠎ᠠ ᠰᠢᠭᠤᠷᠠᠭᠤᠯᠬᠤ ᠦᠢᠯᠡᠳᠬᠦᠨ ᠪᠠᠶᠢᠵᠤ᠂ ᠬᠡᠷᠡᠭ ᠲᠤ ᠬᠤᠯᠪᠣᠭᠳᠠᠭᠰᠠᠨ ᠥᠷᠲᠡᠭ ᠨᠢ 500 ᠲᠦᠮᠡᠨ ᠲᠥᠭᠦᠷᠢᠭ ᠲᠤ ᠬᠦᠷᠴᠡᠢ᠃ ᠬᠠᠤᠯᠢ ᠬᠡᠷᠡᠭᠵᠢᠭᠦᠯᠦᠭᠴᠢ ᠡᠮ ᠤᠨ ᠳᠡᠯᠭᠡᠭᠦᠷ ᠲᠤ ᠬᠦᠷᠴᠦ ᠡᠮ ᠤᠨ ᠵᠦᠢᠯᠡᠰ ᠤᠨ ᠠᠮᠤᠷ ᠲᠦᠪᠱᠢᠨ ᠢ ᠪᠠᠶᠢᠴᠠᠭᠠᠪᠠ᠃ ᠳᠠᠷᠠᠭ᠎ᠠ ᠨᠢ᠂ ᠬᠠᠤᠯᠢ ᠬᠡᠷᠡᠭᠵᠢᠭᠦᠯᠬᠦ ᠠᠵᠢᠯᠲᠠᠨ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠡᠮ ᠤᠨ ᠳᠡᠯᠭᠡᠭᠦᠷ ᠵᠡᠷᠭᠡ ᠣᠯᠠᠨ ᠭᠠᠵᠠᠷ ᠲᠤ ᠬᠦᠷᠴᠦ᠂ ᠪᠣᠷᠣᠯᠠᠭᠤᠯᠬᠤ ᠦᠢᠯᠡᠳᠬᠦᠨ ᠨᠢ ᠢᠯᠭᠠᠬᠤ ᠲᠡᠮᠳᠡᠭ ᠲᠠᠢ ᠪᠠᠶᠢᠬᠤ ᠡᠰᠡᠬᠦ᠂ ᠱᠠᠭᠠᠷᠳᠠᠯᠭ᠎ᠠ ᠳᠤ ᠨᠡᠶᠢᠴᠡᠭᠰᠡᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ ᠡᠵᠡᠩᠨᠡᠭᠴᠢᠳ ᠲᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠡᠵᠡᠩᠨᠡᠭᠴᠢᠳ ᠢ ᠰᠢᠮᠳᠠᠭᠤᠯᠵᠤ ᠪᠠᠶᠢᠭᠠᠳ ᠪᠠᠷᠠᠭ᠎ᠠ ᠣᠷᠣᠭᠤᠯᠬᠤ ᠪᠣᠭᠤᠮᠲᠠ ᠶᠢ ᠴᠢᠩᠭ᠎ᠠ ᠰᠠᠬᠢᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠳᠤᠯᠠᠪᠠ᠃    ᠲᠤᠰ ᠤᠳᠠᠭᠠᠨ ᠤ ᠲᠥᠪᠯᠡᠷᠡᠭᠦᠯᠦᠨ ᠤᠰᠠᠳᠬᠠᠬᠤ ᠠᠵᠢᠯᠯᠠᠭ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠬᠤᠣᠷ ᠬᠥᠨᠥᠭᠡᠯ ᠲᠠᠢ ᠢᠳᠡᠭᠡᠨ ᠤ ᠬᠦᠷᠢᠶᠡᠨ ᠳᠠᠬᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠣᠪᠤᠶᠢᠮ᠎ᠠ ᠦᠷ᠎ᠡ ᠪᠦᠲᠦᠭᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠮᠥᠨ ᠴᠦ ᠬᠠᠤᠯᠢ ᠠᠴᠠ ᠵᠥᠷᠢᠴᠡᠭᠰᠡᠨ ᠡᠲᠡᠭᠡᠳ ᠢ ᠬᠦᠴᠦᠲᠡᠢ ᠰᠦᠷᠳᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠳᠡᠭᠡᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠡᠷᠡᠰ ᠵᠣᠷᠢᠭ ᠢ ᠨᠡᠶᠢᠭᠡᠮ ᠳᠤ ᠢᠯᠡᠷᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠣᠯᠠᠨ ᠲᠦᠮᠡᠨ ᠤ ᠬᠤᠳᠠᠯ ᠬᠠᠭᠤᠷᠮᠠᠭ ᠢ ᠲᠠᠨᠢᠵᠤ ᠬᠤᠳᠠᠯ ᠬᠠᠭᠤᠷᠮᠠᠭ ᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠵᠤ᠂ ᠴᠡᠪᠡᠷᠰᠢᠭᠦᠯᠵᠦ᠂ ᠢᠳᠡᠭᠡᠨ ᠤ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠴᠢᠩᠭᠠᠳᠬᠠᠵᠤ᠂ ᠢᠳᠡᠭᠡᠨ ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ︿ᠥᠴᠦᠬᠡᠨ ᠴᠦ ᠠᠭᠤᠴᠢᠯᠠᠬᠤ ᠦᠭᠡᠢ ᠪᠠᠶᠢᠬᠤ﹀ ᠣᠪᠣᠷ ᠢᠶᠠᠷ ᠢᠳᠡᠭᠡᠨ ᠪᠠ ᠡᠮ ᠤᠨ ᠵᠦᠢᠯᠡᠰ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠢᠮᠠᠭᠲᠠ ᠴᠢᠩᠭ᠎ᠠ ᠴᠣᠬᠢᠯᠲᠠ ᠥᠭᠬᠦ ᠪᠠᠶᠢᠳᠠᠯ ᠢ ᠪᠠᠲᠤᠯᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠲᠤᠷᠠᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠠ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠣᠯᠠᠨ ᠲᠦᠮᠡᠨ ᠤ ︿ᠢᠳᠡᠭᠡᠨ ᠤᠮᠳᠠᠭᠠᠨ ᠤ ᠠᠮᠤᠷ ᠲᠦᠪᠰᠢᠨ﹀ ᠢ ᠡᠷᠡᠰ ᠰᠠᠬᠢᠨ ᠬᠠᠮᠠᠭᠠᠯᠠᠨ᠎ᠠ︾ ᠭᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ ᠸᠠᠩ ᠶᠢᠨ ᠯᠦᠩ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号