ᠾᠧ ᠰᠢᠦᠸᠡᠢ ᠹᠧᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ | ᠡᠭᠦᠷᠭᠡᠯᠡᠭᠰᠡᠨ ᠠᠴᠠ ᠨᠠᠰᠢ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠷ ᠨᠢᠭᠡᠳᠦᠭᠡᠷ ᠳᠣᠬᠢ᠊ ᠡᠶ᠎ᠡ ᠪᠣᠯᠭᠠᠵᠤ᠂ | ᠣᠯᠠᠨ ᠲᠦᠮᠡᠨ ᠤ ᠬᠦᠰᠡᠯ ᠰᠠᠨᠠᠭ᠎ᠠ ᠪᠠᠷ ᠨᠢᠭᠡᠳᠦᠭᠡᠷ ᠰᠣᠩᠭᠤᠯᠲᠠ ᠪᠣᠯᠭᠠᠵᠤ᠂ ᠣᠯᠠᠨ ᠲᠦᠮᠡᠨ ᠤ ᠰᠡᠳᠬᠢᠯ | ᠬᠠᠨᠤᠮᠵᠢᠲᠠᠢ ᠪᠠᠶᠢᠬᠤ ᠪᠠᠷ ᠨᠢᠭᠡᠳᠦᠭᠡᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ᠠᠯᠪᠠᠨ ᠵᠠᠷᠤᠴᠠ ᠶᠢᠨ ᠤᠬᠠᠮᠰᠠᠷ᠂ | ᠦᠢᠯᠡᠴᠢᠯᠡᠭᠡᠨ ᠤ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ | ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠡᠳᠬᠢᠯ ᠲᠠᠯᠪᠢᠨ ᠰᠡᠳᠬᠢᠯ ᠲᠠᠯᠪᠢᠨ ᠨᠢᠭᠡ ᠭᠠᠵᠠᠷ | ᠣᠷᠣᠨ ᠤ ᠠᠮᠤᠷ ᠲᠦᠪᠰᠢᠨ ᠢ ᠰᠠᠬᠢᠨ ᠬᠠᠮᠠᠭᠠᠯᠠᠪᠠ᠃ | ᠣᠶᠢᠷ᠎ᠠ ᠳᠤ᠂ ᠲᠡᠷᠡ 2024 ᠣᠨ ᠤ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ︾ ᠤ ᠢᠷᠠᠭᠤ ᠠᠯᠳᠠᠷ ᠢ ᠬᠦᠷᠲᠡᠪᠡ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠳᠤ᠂ ᠾᠧ ᠰᠢᠦᠸᠡᠢ | ᠹᠧᠩ ᠶᠠᠭ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠳᠦᠷᠢᠮ ᠢ ᠲᠦᠷᠦᠭᠦᠯᠡᠨ ᠰᠤᠷᠤᠯᠴᠠᠵᠤ ᠪᠠᠶᠢᠨ᠎ᠠ᠂ | ᠲᠡᠷᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠭᠡ ᠥᠭᠦᠯᠡᠪᠦᠷᠢ ᠳᠠᠷᠠᠭᠠᠯᠠᠨ ᠭᠤᠣᠯᠳᠠᠯᠭ᠎ᠠ ᠲᠠᠢ | ᠠᠭᠤᠯᠭ᠎ᠠ ᠶᠢ ᠵᠠᠳᠠᠯᠵᠤ᠂ ᠣᠯᠠᠨ ᠲᠠᠢ ᠪᠦᠲᠦᠮᠵᠢᠲᠡᠢ ᠠᠵᠢᠯᠯᠠᠬᠤ ᠠᠷᠭ᠎ᠠ ᠶᠢ ᠰᠤᠳᠤᠯᠤᠨ ᠶᠠᠷᠢᠯᠴᠠᠵᠤ᠂ | ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠦᠨ᠂ ᠡᠶᠢᠮᠦᠷᠬᠦ ᠲᠥᠪᠯᠡᠷᠡᠭᠦᠯᠦᠨ | ᠰᠤᠷᠤᠯᠴᠠᠬᠤ ᠨᠢ ᠭᠠᠷᠠᠭ ᠪᠦᠷᠢ ᠮᠠᠰᠢ ᠶᠡᠭᠡ ᠠᠵᠢᠯᠯᠠᠭ᠎ᠠ ᠥᠷᠨᠢᠭᠦᠯᠵᠦ ᠪᠠᠶᠢᠪᠠ᠃ ᠾᠧ ᠰᠢᠦᠸᠡᠢ ᠹᠧᠩ ᠤᠨ | ᠦᠵᠡᠬᠦ ᠪᠠᠷ ᠬᠠᠤᠯᠢ ᠰᠤᠷᠬᠤ ᠪᠣᠯ ᠨᠢᠭᠡᠨ ᠦᠷᠭᠦᠯᠵᠢᠯᠡᠬᠦ ᠶᠠᠪᠤᠴᠠ ᠮᠥᠨ᠂ ᠭᠠᠭᠴᠠ ᠬᠤ᠋ ᠬᠠᠤᠯᠢ ᠴᠠᠭᠠᠵᠠ ᠶᠢᠨ | ᠮᠡᠳᠡᠯᠭᠡ ᠶᠢ ᠰᠡᠳᠬᠢᠯ ᠳᠡᠭᠡᠨ ᠰᠢᠩᠭᠡᠭᠡᠵᠦ᠂ ︽ᠦᠢᠯᠡ ᠠᠵᠢᠯᠯᠠᠭ᠎ᠠ︾ ᠳᠤ ᠰᠢᠩᠭᠡᠭᠡᠪᠡᠯ ᠰᠠᠶ᠋ᠢ ᠣᠯᠠᠨ ᠲᠦᠮᠡᠨ ᠳᠤ | ᠨᠡᠩ ᠰᠠᠶᠢᠲᠤᠷ ᠦᠢᠯᠡᠴᠢᠯᠡᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠨᠡᠩ ᠬᠠᠮᠠᠭᠠᠯᠠᠵᠤ ᠴᠢᠳᠠᠨ᠎ᠠ | ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠲᠠᠰᠤᠭ ᠤᠨ ᠳᠠᠷᠤᠭ᠎ᠠ ᠵᠣᠣ | ᠶᠠᠨ ᠯᠢ᠄ ︽ᠾᠧ ᠲᠣᠪᠴᠢᠶᠠᠨ ᠳᠠᠷᠤᠭ᠎ᠠ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠰᠡᠳᠦᠪᠲᠦ | ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠮᠠᠨ ᠤ ᠶᠡᠷᠦᠩᠬᠡᠶᠢᠯᠡᠭᠰᠡᠨ ᠬᠡᠪ ᠪᠣᠯᠪᠠᠰᠤᠷᠠᠯ ᠪᠠ ᠲᠤᠬᠠᠶᠢᠯᠠᠭᠰᠠᠨ | ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠪᠢᠳᠡ ᠦᠨᠳᠦᠰᠦᠨ ᠱᠠᠲᠤᠨ ᠳᠤ ᠬᠠᠤᠯᠢ ᠪᠠᠷ | ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠳᠤᠮᠳᠠ᠂ ᠠᠳᠠᠯᠢ ᠪᠤᠰᠤ ᠬᠠᠮᠲᠤᠯᠢᠭ ᠤᠨ ᠬᠠᠤᠯᠢ ᠪᠠᠷ | ᠵᠠᠰᠠᠬᠤ ᠬᠡᠷᠡᠭᠴᠡᠭᠡ ᠳᠤ ᠴᠢᠭᠯᠡᠭᠦᠯᠦᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠬᠠᠷᠢᠯᠴᠠᠨ | ᠬᠥᠳᠡᠯᠦᠯᠴᠡᠬᠦ ᠬᠡᠯᠪᠡᠷᠢ᠂ ᠵᠢᠪᠪᠦᠭᠰᠡᠨ ᠬᠡᠯᠪᠡᠷᠢ᠂ ᠲᠣᠪᠶᠤᠭ ᠤᠨ ᠬᠡᠯᠪᠡᠷᠢ ᠵᠡᠷᠭᠡ ᠬᠠᠤᠯᠢ ᠲᠦᠭᠡᠮᠡᠯᠵᠢᠭᠦᠯᠬᠦ | ᠬᠡᠯᠪᠡᠷᠢ ᠪᠠᠷ ᠣᠯᠠᠨ ᠲᠦᠮᠡᠨ ᠳᠤ ᠦᠢᠯᠡᠴᠢᠯᠡᠵᠦ᠂ ᠥᠷᠭᠡᠨ ᠣᠯᠠᠨ ᠲᠦᠮᠡᠨ ᠤ ᠬᠠᠤᠯᠢ ᠶᠢ ᠬᠦᠨᠳᠦᠳᠬᠡᠬᠦ | ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠢᠶᠠᠨ ᠴᠢᠩᠭᠠᠳᠬᠠᠵᠤ᠂ ᠬᠠᠤᠯᠢ ᠪᠠᠷ | ᠵᠠᠰᠠᠬᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠳᠤ ᠬᠦᠴᠦᠨ | ᠴᠢᠳᠠᠯ ᠢᠶᠠᠨ ᠡᠷᠭᠦᠵᠡᠢ︾᠃ ᠾᠧ ᠰᠢᠦᠸᠡᠢ ᠹᠧᠩ ᠭᠠᠴᠠᠭᠠᠨ ᠤ ᠣᠯᠠᠨ ᠲᠦᠮᠡᠨ ᠳᠤ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠪᠡ᠃ | ᠾᠧ ᠰᠢᠦᠸᠡᠢ ᠹᠧᠩ ᠬᠠᠤᠯᠢ ᠴᠠᠭᠠᠵᠠ ᠶᠢᠨ ᠲᠣᠪᠴᠢᠶᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠪᠦᠯᠬᠦᠮ ᠢ ᠳᠠᠭᠠᠭᠤᠯᠤᠨ ᠪᠠᠶᠠᠨᠬᠤᠰᠢᠭᠤ ᠪᠠᠯᠭᠠᠰᠤᠨ ᠤ ᠪᠠᠶᠠᠨᠦᠨᠳᠦᠷ | ᠭᠠᠴᠠᠭ᠎ᠠ ᠳᠤ ᠬᠦᠷᠴᠦ᠂ ᠭᠠᠴᠠᠭᠠᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ ᠡᠷᠦᠬᠡ ᠳᠤ | ᠴᠠᠭᠠᠨ ᠰᠠᠷ᠎ᠠ ᠶᠢᠨ ᠵᠥᠩᠨᠡᠯ ᠪᠠ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠭᠠᠴᠠᠭᠠᠨ ᠤ ᠣᠯᠠᠨ ᠲᠦᠮᠡᠨ ᠳᠤ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠾᠧ ᠰᠢᠦᠸᠡᠢ ᠹᠧᠩ | ᠠᠷᠠᠳ ᠤᠨ ᠬᠤᠭᠤᠷᠣᠨᠳᠣᠬᠢ ᠵᠢᠭᠡᠯᠡᠯᠭᠡ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠲᠣᠭᠤᠷᠢᠨ ᠳᠤ ᠬᠠᠤᠯᠢ | ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠬᠠᠤᠯᠢ ᠪᠠᠷ ᠵᠠᠰᠠᠬᠤ ᠦᠵᠡᠯᠲᠡ ᠶᠢ ᠬᠥᠮᠦᠰ ᠤᠨ ᠰᠡᠳᠬᠢᠯ ᠳᠤ | ᠬᠠᠳᠠᠩᠰᠢᠭᠤᠯᠪᠠ᠃ ᠪᠠᠶᠠᠨᠥᠨᠳᠥᠷ ᠭᠠᠴᠠᠭᠠᠨ ᠤ ᠠᠷᠠᠳ ᠷᠤᠸᠠᠨ ᠴᠢᠩ ᠶᠦᠨ᠄ ︽ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠳ ᠦᠷᠭᠦᠯᠵᠢ ᠮᠠᠨ ᠤ ᠭᠡᠷ ᠲᠤ ᠢᠷᠡᠵᠦ | ᠨᠠᠮᠠᠶᠢ ᠲᠣᠬᠤᠨᠢᠭᠤᠯᠵᠤ᠂ ᠪᠠᠰᠠ ᠪᠢᠳᠡᠨ ᠳᠤ ᠮᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ | ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ ᠥᠭᠭᠦᠨ᠎ᠡ᠃ ᠣᠳᠣ ᠪᠢ ᠪᠠᠰᠠ ᠨᠡᠩ ᠣᠯᠠᠨ ᠬᠠᠤᠯᠢ ᠴᠠᠭᠠᠵᠠ ᠶᠢ | ᠣᠶᠢᠯᠠᠭᠠᠵᠤ᠂ ᠬᠠᠤᠯᠢ ᠶᠢ ᠨᠡᠩ ᠰᠠᠶᠢᠨ ᠮᠡᠳᠡᠵᠦ ᠴᠢᠳᠠᠬᠤ ᠪᠣᠯᠤᠨ᠎ᠠ᠃ | 2021 ᠣᠨ ᠳᠤ ᠾᠧ ᠰᠢᠦᠸᠡᠢ ᠹᠧᠩ ᠲᠤᠰᠢᠶᠠᠯ ᠬᠠᠷᠢᠭᠤᠴᠠᠭᠰᠠᠨ ᠠᠴᠠ ᠨᠠᠰᠢ᠂ ᠬᠤᠰᠢᠭᠤᠨ ᠤ ᠬᠠᠤᠯᠢ | ᠴᠠᠭᠠᠵᠠ ᠶᠢᠨ ᠲᠣᠪᠴᠢᠶ᠎ᠠ ᠶᠢᠨ ᠺᠠᠳ᠋ᠷ ᠠᠵᠢᠯᠲᠠᠨ ᠢ ᠳᠠᠭᠠᠭᠤᠯᠤᠨ ᠣᠯᠠᠨ ᠲᠦᠮᠡᠨ ᠤ ᠳᠡᠷᠭᠡᠳᠡ ᠬᠦᠷᠴᠦ᠂ ᠣᠯᠠᠨ | ᠲᠦᠮᠡᠨ ᠤ ᠬᠠᠤᠯᠢ ᠴᠠᠭᠠᠵᠠ ᠶᠢᠨ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠳᠥᠷᠪᠡᠨ ᠲᠠᠯ᠎ᠠ ᠪᠠᠷ ᠤᠷᠤᠭᠰᠢᠯᠠᠵᠤ | ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠰᠢᠨ᠎ᠡ ᠠᠷᠭ᠎ᠠ ᠬᠢᠳᠡᠯ ᠢ ᠰᠢᠢᠳᠪᠦᠷᠢᠯᠡᠵᠦ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠲᠦᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ ᠲᠡᠭᠦᠨ ᠤ ᠳᠠᠭᠠᠭᠤᠯᠭ᠎ᠠ ᠳᠣᠣᠷ᠎ᠠ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠥᠷᠪᠡᠨ ᠭᠤᠣᠯᠳᠠᠯᠭ᠎ᠠ ᠲᠠᠢ ᠬᠥᠮᠦᠰ ᠪᠠ ᠨᠠᠢᠮᠠᠨ | ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 43.5 ᠲᠦᠮᠡ ᠭᠠᠷᠤᠢ ᠬᠤᠪᠢ ᠮᠠᠲ᠋ᠧᠷᠢᠶᠠᠯ ᠢ ᠲᠠᠷᠬᠠᠭᠠᠪᠠ᠃ | ᠾᠧ ᠰᠢᠦᠸᠡᠢ ᠹᠧᠩ ᠤᠨ ᠳᠠᠭᠠᠭᠤᠯᠭ᠎ᠠ ᠳᠣᠣᠷ᠎ᠠ ᠪᠠ ᠪᠦᠬᠦ ᠬᠥᠮᠦᠰ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ | ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠤᠷᠢᠳ ᠬᠤᠵᠢᠳ | ᠥᠪᠡᠷᠲᠡᠭᠡᠨ ᠵᠠᠰᠠᠬᠤ ᠣᠷᠣᠨ ᠤ ᠳᠡᠰ ᠤᠨ ︽ᠬᠠᠮᠲᠤ ᠶᠢᠨ ᠬᠤᠶᠠᠳᠤᠭᠠᠷ ᠳᠡᠰ ᠤᠨ ᠭᠠᠪᠢᠶ᠎ᠠ︾᠂ ︽ᠪᠦᠬᠦ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾᠂ ︽ᠪᠦᠬᠦ ᠣᠷᠣᠨ ᠤ | ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠴᠡᠭ︾ ᠵᠡᠷᠭᠡ ᠢᠷᠠᠭᠤ ᠠᠯᠳᠠᠷ ᠢ ᠬᠦᠷᠲᠡᠪᠡ᠃ | ᠲᠡᠷᠡ ᠬᠤᠪᠢ ᠬᠥᠮᠦᠨ ᠴᠦ ᠤᠷᠢᠳ ᠬᠤᠵᠢᠳ ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠢᠰᠲ᠋ᠧᠮ ᠤᠨ ᠬᠤᠪᠢ ᠬᠥᠮᠦᠨ ᠤ ᠬᠤᠶᠠᠳᠤᠭᠠᠷ ᠳᠡᠰ ᠤᠨ ᠭᠠᠪᠢᠶ᠎ᠠ᠂ ᠭᠤᠷᠪᠠᠳᠤᠭᠠᠷ ᠳᠡᠰ ᠤᠨ ᠭᠠᠪᠢᠶ᠎ᠠ ᠵᠡᠷᠭᠡ | ᠠᠯᠢ ᠣᠯᠠᠨ ᠢᠷᠠᠭᠤ ᠠᠯᠳᠠᠷ ᠢ ᠬᠦᠷᠲᠡᠪᠡ᠃ ᠡᠨᠡ ᠵᠢᠯ ᠪᠣᠯ 49 ᠨᠠᠰᠤᠲᠠᠢ ᠾᠧ ᠰᠢᠦᠸᠡᠢ ᠹᠧᠩ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠬᠢᠵᠦ ᠪᠠᠶᠢᠭ᠎ᠠ 5 ᠳ᠋ᠤᠭᠠᠷ ᠵᠢᠯ ᠪᠣᠯᠤᠨ᠎ᠠ᠂ ᠬᠠᠤᠯᠢ ᠴᠠᠭᠠᠵᠠ ᠶᠢᠨ | ᠬᠦᠷᠢᠶᠡᠨ ᠳᠤ ᠠᠩᠬ᠎ᠠ ᠣᠷᠣᠵᠤ ᠰᠦᠪᠡᠭᠴᠢᠯᠡᠨ ᠤᠷᠤᠭᠰᠢᠯᠠᠵᠤ᠂ ᠣᠳᠣ ᠪᠣᠯᠲᠠᠯ᠎ᠠ ᠡᠯ᠎ᠡ ᠵᠦᠢᠯ ᠤᠨ ᠠᠵᠢᠯ ᠤᠨ | ᠳᠤᠮᠳᠠ ᠮᠠᠰᠢ ᠰᠠᠶᠢᠨ ᠦᠷ᠎ᠡ ᠪᠦᠲᠦᠭᠡᠯ ᠣᠯᠵᠤ᠂ ᠾᠧ ᠰᠢᠦᠸᠡᠢ ᠹᠧᠩ ᠴᠠᠭ ᠢ ᠬᠡᠷᠡᠭᠯᠡᠨ᠂ ᠠᠷᠠᠳ ᠤᠨ ᠲᠥᠯᠥᠭᠡ | ᠬᠠᠤᠯᠢ ᠪᠠᠷᠢᠬᠤ ᠰᠡᠳᠬᠢᠯ ᠬᠥᠳᠡᠯᠭᠡᠮ᠎ᠡ ᠬᠡᠰᠡᠭ ᠬᠠᠭᠤᠳᠠᠰᠤ ᠶᠢ ᠪᠢᠴᠢᠭᠯᠡᠪᠡ᠃ ᠢᠷᠡᠭᠡᠳᠦᠢ ᠳᠤ ᠲᠡᠷᠡ ᠮᠥᠨ ᠯᠡ | ᠤᠭ ᠰᠠᠨᠠᠭ᠎ᠠ ᠪᠠᠨ ᠪᠠᠲᠤ ᠰᠠᠬᠢᠵᠤ᠂ ᠬᠠᠤᠯᠢ ᠴᠠᠭᠠᠵᠠ ᠶᠢᠨ ᠵᠠᠮ ᠳᠡᠭᠡᠷ᠎ᠡ ᠡᠷᠡᠰ ᠰᠢᠭᠤᠷᠬᠠᠢ ᠪᠠᠷ ᠤᠷᠤᠭᠰᠢᠯᠠᠵᠤ᠂ | ᠨᠢᠭᠡ ᠲᠠᠯ᠎ᠠ ᠶᠢᠨ ᠬᠠᠤᠯᠢᠵᠢᠯ ᠤᠨ ᠴᠡᠯᠮᠡᠭ ᠣᠭᠲᠠᠷᠭᠤᠢ ᠶᠢ ᠰᠠᠬᠢᠨ ᠬᠠᠮᠠᠭᠠᠯᠠᠬᠤ ᠶᠢᠨ ᠲᠥᠯᠥᠭᠡ ᠴᠥᠬᠦᠷᠡᠰᠢ ᠦᠭᠡᠢ | ᠴᠢᠷᠮᠠᠶᠢᠨ᠎ᠠ᠃ | |