ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠤᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠭᠯᠠᠯᠲᠠ ᠡᠷᠬᠢᠯᠡᠪᠡ
ᠨᠡᠶᠢᠲᠡᠯᠡᠭᠰᠡᠨ ᠴᠠᠭ᠄
2025/1/20
   ᠰᠢ ᠶᠢᠨ ᠫᠢᠩ ᠪᠦᠬᠦ ᠴᠡᠷᠢᠭ ᠤᠨ ᠠᠬᠠᠮᠠᠳ ᠨᠥᠬᠦᠳ ᠲᠤ ᠴᠠᠭᠠᠨ ᠰᠠᠷ᠎ᠠ ᠶᠢᠨ ᠮᠠᠨᠳᠦᠴᠢᠯᠡᠯ ᠬᠦᠷᠭᠡᠵᠡᠢ   ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ 17 ᠤ ᠡᠳᠦᠷ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠣᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠭᠯᠠᠯᠲᠠ ᠡᠷᠬᠢᠯᠡᠪᠡ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠣᠭᠯᠠᠯᠲᠠ ᠶᠢ ᠰᠣᠨᠢᠷᠬᠠᠵᠤ᠂ ᠠᠳᠡ ᠪᠠᠶᠢᠭ᠎ᠠ ᠴᠡᠷᠢᠭ ᠠᠩᠭᠢ ᠶᠢᠨ ᠠᠬᠠᠮᠠᠳ ᠨᠥᠬᠦᠳ᠂ ᠪᠦᠬᠦ ᠴᠡᠷᠢᠭ ᠤᠨ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃   ᠴᠠᠭᠠᠨ ᠰᠠᠷ᠎ᠠ ᠣᠶᠢᠷᠠᠳᠬᠤᠶ᠎ᠠ᠂ ᠨᠡᠶᠢᠰᠯᠡᠯ ᠪᠡᠭᠡᠵᠢᠩ ᠳᠤ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠪᠢᠯᠬᠠᠵᠤ᠂ ᠳᠤᠮᠳᠠᠳᠤ ᠤᠯᠤᠰ ᠤᠨ ᠲᠢᠶᠠᠳ᠋ᠷ ᠲᠤ ᠦᠡᠭᠭᠡᠲᠦ ᠳ᠋ᠧᠩ ᠳᠤᠸᠠᠯᠠᠨ᠂ ᠤᠨᠴᠠ ᠶᠢᠨ ᠬᠠᠯᠠᠭᠤᠨ ᠳᠤᠲᠤᠨᠤ ᠪᠠᠶᠢᠵᠤ᠂ ᠰᠢᠨ᠎ᠡ ᠳᠤᠮᠳᠠᠳᠤ ᠤᠯᠤᠰ ᠢ ᠪᠠᠶᠢᠭᠤᠯᠬᠤ᠂ ᠬᠠᠮᠠᠭᠠᠯᠠᠬᠤ᠂ ᠪᠦᠲᠦᠭᠡᠨ ᠪᠠᠶᠢᠭᠤᠯᠬᠤ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠨᠢᠭᠡ ᠲᠠᠩᠬᠢᠮ ᠳᠤ ᠴᠤᠭᠯᠠᠷᠠᠵᠤ᠂ ᠬᠠᠮᠲᠤ ᠪᠠᠷ ᠴᠠᠭᠠᠨ ᠰᠠᠷ᠎ᠠ ᠶᠢ ᠤᠭᠲᠤᠪᠠ᠃   ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ᠂ ᠰᠢ ᠶᠢᠨ ᠫᠢᠩ ᠠᠬᠠᠮᠠᠳ ᠨᠥᠬᠦᠳ ᠤᠨ ᠳᠤᠮᠳᠠ ᠬᠦᠷᠬᠦ ᠳᠤ ᠳᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠳᠠᠰᠢᠪᠠ᠃ ᠰᠢ ᠶᠢᠨ ᠫᠢᠩ ᠤᠯᠠᠨ ᠲᠠᠢ ᠳᠣᠲᠣᠨᠣ ᠪᠠᠷ ᠭᠠᠷ ᠠᠳᠬᠤᠵᠤ᠂ ᠬᠠᠷᠢᠯᠴᠠᠨ ᠮᠡᠨᠳᠦᠴᠢᠯᠡᠵᠦ᠂ ᠲᠡᠳᠡᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠥᠩᠭᠡᠷᠡᠭᠰᠡᠨ ᠨᠢᠭᠡ ᠵᠢᠯ ᠤᠨ ᠲᠤᠷᠰᠢᠬᠢ ᠨᠠᠮ᠂ ᠤᠯᠤᠰ ᠪᠣᠯᠣᠨ ᠴᠡᠷᠢᠭ ᠠᠩᠭᠢ ᠶᠢᠨ ᠦᠢᠯᠡᠰ ᠤᠨ ᠶᠠᠪᠤᠵᠤ ᠢᠷᠡᠭᠰᠡᠨ ᠶᠡᠷᠦ ᠪᠤᠰᠤ ᠶᠢᠨ ᠥᠩᠭᠡᠷᠡᠯᠲᠡ᠂ ᠣᠯᠣᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠬᠠᠮᠲᠤ ᠪᠠᠷ ᠡᠷᠭᠢᠴᠡᠭᠦᠯᠪᠡ᠃ ᠠᠬᠠᠮᠠᠳ ᠨᠥᠬᠦᠳ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠦ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠶᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠭᠤᠰᠢᠯᠠᠭᠤᠯᠵᠤ᠂ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠥᠷᠥ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠪᠦᠯᠬᠦᠮᠳᠡᠨ ᠲᠡᠮᠡᠴᠡᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠤᠭᠤᠮᠳᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠶᠢᠨ ᠲᠥᠯᠥᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠦᠯᠦᠭᠡ ᠢᠳᠡᠪᠬᠢᠲᠡᠢ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠭᠡᠵᠡᠭᠡᠪᠡ᠃   ︽ᠬᠦᠴᠦᠷᠬᠡᠭ ᠤᠯᠤᠰ ᠤᠨ ᠰᠡᠷᠭᠦᠨ ᠮᠠᠨᠳᠤᠯᠲᠠ ᠶᠢᠨ ᠠᠯᠬᠤᠭ᠎ᠠ ᠭᠠᠵᠠᠷ ᠳᠡᠯᠡᠬᠡᠢ ᠶᠢ ᠳᠣᠩᠰᠣᠯᠭᠠᠵᠤ᠂ ᠡᠷᠡᠮᠡᠬᠡᠶᠢᠯᠡᠨ ᠤᠷᠤᠭᠰᠢᠯᠠᠵᠤ ᠪᠣᠭᠤᠮᠲᠠ ᠰᠢᠪᠲᠤᠯᠬᠤ ᠡᠩᠨᠡᠭᠡᠨ ᠤ ᠲᠤᠭ ᠥᠨᠳᠥᠷ ᠲᠤ ᠨᠠᠮᠢᠷᠠᠨ᠎ᠠ ᠁︾ ᠪᠠᠶᠠᠷ ᠪᠠᠶᠠᠰᠤᠯᠲᠦ ᠳᠠᠭᠤᠤ ᠪᠥᠵᠢᠭ ︽ᠮᠢᠨᠤ ᠪᠠᠶᠢᠯᠳᠤᠭᠠᠨ ᠤ ᠪᠠᠶᠢᠷᠢ ᠮᠢᠨᠤ ᠤᠨ ᠵᠢᠯ︾ ᠭᠡᠬᠦ ᠪᠠᠷ ᠲᠣᠭᠯᠠᠯᠲᠠ ᠶᠢᠨ ᠬᠥᠰᠢᠭᠡ ᠶᠢ ᠰᠡᠬᠦᠯ᠎ᠡ᠃ ᠲᠣᠭᠯᠠᠯᠲᠠ ᠨᠢ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠠᠩᠭᠢ ᠶᠢᠨ ᠴᠡᠷᠢᠭ ᠲᠤ ᠦᠢᠯᠡᠴᠢᠯᠡᠬᠦ ᠬᠡᠯᠪᠡᠷᠢ ᠪᠠᠷ ᠴᠡᠷᠢᠭ ᠢ ᠬᠦᠴᠦᠷᠬᠡᠭᠵᠢᠭᠦᠯᠬᠦ ᠭᠠᠯ ᠬᠠᠯᠠᠭᠤᠨ ᠦᠢᠯᠡᠳᠦᠯᠭᠡ ᠶᠢ ᠢᠯᠡᠷᠡᠭᠦᠯᠵᠦ᠂ ᠨᠠᠮ ᠳᠠᠭᠠᠨ ᠦᠨᠡᠨᠴᠢ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠤᠳᠬ᠎ᠠ ᠠᠭᠤᠯᠤᠭᠳᠠᠬᠤᠨ ᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠰᠢᠨ᠎ᠡ ᠰᠤᠷᠲᠠᠯ ᠲᠥᠪ ᠰᠤᠷᠲᠠᠯ ᠢ ᠲᠣᠪᠤᠶᠢᠯᠭᠠᠨ ᠲᠤᠰᠬᠠᠵᠠᠢ᠃ ︽ᠨᠢᠭᠡᠳᠦᠨ ᠳᠠᠭᠠᠶ᠎ᠠ︾ ᠭᠡᠬᠦ ᠨᠠᠶᠢᠷᠠᠯ ᠳᠠᠭᠤᠤ ᠨᠢ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠰᠢᠨ᠎ᠡ ᠴᠠᠭ ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠦ᠂ ᠨᠠᠮ ᠢᠶᠠᠨ ᠳᠠᠭᠠᠬᠤ ᠬᠠᠮᠲᠤ ᠶᠢᠨ ᠰᠡᠳᠬᠢᠯ ᠤᠨ ᠳᠠᠭᠤᠨ ᠢ ᠪᠢᠯᠬᠠᠮ᠎ᠠ ᠢᠯᠡᠳᠬᠡᠵᠡᠢ᠃ ︽ᠪᠠᠶᠢᠯᠳᠤᠨ᠎ᠠ ᠭᠡᠪᠡᠯ ᠪᠠᠶᠢᠯᠳᠤᠨ᠎ᠠ︾᠂ ︽ᠢᠯᠠᠭᠤᠭᠰᠠᠨ ᠪᠠᠶᠢᠯᠳᠤᠭᠠᠨ ᠤ ᠢᠷᠠᠭᠤ ᠠᠯᠳᠠᠷ︾ ᠳᠠᠭᠤᠤ ᠪᠦᠵᠢᠭ ᠬᠦᠭᠵᠢᠮ ᠤᠨ ᠲᠤᠭᠯᠠᠯᠲᠠ ᠨᠢ ᠪᠤᠲᠠᠲᠦ ᠪᠠᠶᠢᠯᠳᠤᠭᠠᠨ ᠪᠤᠲᠠᠳᠤ ᠰᠤᠷᠢᠯᠲᠠ ᠶᠢᠨ ᠴᠡᠷᠢᠭ ᠤᠨ ᠠᠬᠤᠢ ᠪᠠᠶᠢᠳᠠᠯ ᠢ ᠠᠮᠢᠳᠤᠯᠢᠭ ᠢᠶᠠᠷ ᠲᠤᠰᠬᠠᠵᠤ᠂ ᠳᠠᠷᠤᠭ᠎ᠠ ᠪᠠᠶᠢᠯᠳᠤᠭᠴᠢᠳ ᠤᠨ ᠡᠷᠡᠯᠬᠡᠭ ᠪᠠᠭᠠᠲᠤᠷᠯᠢᠭ ᠬᠠᠳᠠᠨ ᠵᠣᠷᠢᠭ ᠪᠠ ᠪᠠᠶᠢᠯᠳᠤᠬᠤ ᠪᠠᠷ ᠴᠠᠭ ᠢᠮᠠᠭᠲᠠ ᠪᠡᠯᠡᠬᠡᠨ ᠪᠠᠶᠢᠬᠤ᠂ ᠪᠠᠶᠢᠯᠳᠤᠭᠠᠨ ᠳᠤ ᠢᠯᠠᠯᠲᠠ ᠣᠯᠵᠤ ᠴᠢᠳᠠᠬᠤ ᠳᠠᠶᠢᠴᠢᠨ ᠳᠦᠷᠢ ᠪᠠᠶᠢᠳᠠᠯ ᠢ ᠢᠯᠡᠷᠡᠭᠦᠯᠪᠡ᠃ ︽ᠬᠢᠯᠢ ᠶᠢᠨ ᠪᠠᠶᠢᠯᠳᠤᠭᠠᠨ ᠤ ᠳᠠᠭᠤᠤ︾ ᠲᠤᠭᠯᠠᠯᠲᠤ ᠳᠠᠭᠤᠯᠠᠯ ᠨᠢ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠤᠨ ᠬᠢᠯᠢ ᠶᠢᠨ ᠬᠠᠮᠠᠭᠠᠯᠠᠯᠲᠠ ᠶᠢᠨ ᠡᠮᠦᠨ᠎ᠡ ᠹᠷᠣᠨᠲ ᠲᠤ ᠦᠨᠳᠦᠰᠦᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠬᠦ ᠬᠠᠶᠢᠷ᠎ᠠ ᠰᠡᠳᠬᠢᠯᠭᠡ ᠶᠢ ᠤᠶᠠᠩᠭᠠᠯᠠᠪᠠ᠃ ︽ᠨᠠᠮ ᠤᠨ ᠥᠬᠢᠨ︾᠂ ︽ᠢ ᠮᠧᠩ ᠤᠨ ᠮᠠᠭᠲᠠᠭᠠᠯ︾ ᠤᠨ ᠰᠣᠩᠭᠤᠮᠠᠯ ᠪᠠᠳᠠᠭ ᠪᠣᠯᠣᠨ ︽ᠶᠠᠫᠤᠨ ᠢ ᠡᠰᠡᠷᠭᠦᠴᠡᠬᠦ ᠴᠡᠷᠢᠭ ᠤᠨ ᠶᠠᠪᠤᠳᠠᠯ ᠤᠯᠤᠰ ᠲᠦᠷᠦ ᠶᠢᠨ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠳᠠᠭᠤᠤ︾᠂ ︽ᠪᠢᠳᠡ ᠲᠠᠷᠳᠠᠩ ᠵᠠᠮ ᠢᠶᠠᠷ ᠵᠠᠮᠨᠠᠨ᠎ᠠ︾ ᠵᠡᠷᠭᠡ ᠰᠣᠩᠭᠤᠳᠠᠭ ᠳᠠᠭᠤᠤ ᠶᠢ ᠬᠤᠯᠪᠣᠨ ᠳᠠᠭᠤᠯᠠᠵᠤ᠂ ᠭᠠᠶᠢᠬᠠᠮᠰᠢᠭᠲᠤ ᠣᠨ ᠰᠠᠷ᠎ᠠ ᠶᠢ ᠲᠠᠬᠢᠨ ᠡᠷᠭᠢᠴᠡᠭᠦᠯᠵᠦ᠂ ᠲᠡᠮᠡᠴᠡᠯ ᠤᠨ ᠣᠮᠤᠭ ᠵᠣᠷᠢᠭ ᠢ ᠬᠥᠭᠵᠢᠭᠡᠪᠡ᠃ ︽ᠬᠤᠪᠴᠠᠰᠤ ᠤᠬᠢᠶᠠᠬᠤ ᠳᠠᠭᠤᠤ ᠶᠢ ᠲᠠᠬᠢᠨ ᠳᠠᠭᠤᠯᠠᠶ᠎ᠠ︾ ᠦᠵᠡᠭᠳᠡᠯᠲᠦ ᠳᠠᠭᠤᠤ ᠪᠥᠵᠢᠭ ᠨᠢ ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠭᠡ᠂ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢᠶᠠᠨ ᠬᠦᠴᠦᠷᠬᠡᠭᠵᠢᠭᠦᠯᠵᠦ ᠰᠡᠷᠭᠡᠶᠢᠯᠡᠯᠲᠡ ᠪᠠᠨ ᠪᠠᠬᠢᠵᠢᠭᠦᠯᠦᠭᠰᠡᠨ ᠰᠡᠳᠬᠢᠯ ᠬᠥᠳᠡᠯᠭᠡᠮ᠎ᠡ ᠦᠵᠡᠭᠳᠡᠯ ᠢ ᠲᠤᠭᠯᠠᠨ ᠬᠠᠷᠠᠭᠤᠯᠵᠠᠢ᠃ ︽ᠤᠤᠷ ᠴᠢᠨᠠᠷ︾ ᠣᠬᠤᠷ ᠵᠦᠴᠦᠭᠡ᠂ ︽ᠭᠠᠨᠭ᠌ ᠫᠤᠤ ᠶᠢ ᠴᠢᠨᠢ ᠳᠤᠰᠤᠭᠰᠠᠨ ᠨᠢ︾ ᠪᠠᠭ᠎ᠠ ᠨᠠᠶᠢᠷᠠᠯ ᠳᠠᠭᠤᠤ ᠨᠢ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠪᠠᠶᠢᠯᠳᠤᠭᠠᠨ ᠤ ᠦᠯᠢᠭᠡᠷ ᠪᠣᠯᠣᠨ ᠵᠠᠯᠠᠭᠤ ᠳᠠᠷᠤᠭ᠎ᠠ ᠪᠠᠶᠢᠯᠳᠤᠭᠴᠢ ᠶᠢᠨ ᠴᠡᠷᠢᠭ ᠢ ᠬᠦᠴᠦᠷᠬᠡᠭᠵᠢᠭᠦᠯᠦᠭᠰᠡᠨ ᠦᠯᠢᠭᠡᠷ ᠢ ᠶᠠᠷᠢᠵᠤ᠂ ᠠᠷᠠᠳ ᠤᠨ ᠴᠡᠷᠢᠭ ᠠᠩᠭᠢ ᠶᠢᠨ ᠬᠤᠪᠢᠰᠬᠠᠯ ᠤᠨ ᠭᠦ᠋ᠨ ᠢ ᠤᠯᠠᠮᠵᠢᠯᠠᠬᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠪᠠᠲᠤ ᠴᠢᠩᠭ᠎ᠠ ᠢᠲᠡᠭᠡᠯ ᠵᠣᠷᠢᠭ ᠢ ᠬᠠᠷᠠᠭᠤᠯᠪᠠ᠃ ︽ᠢᠷᠠᠭᠤ ᠠᠯᠳᠠᠷᠲᠠᠢ ᠪᠠᠷ ᠤᠷᠤᠭᠰᠢᠯᠠᠨ᠎ᠠ︾ ᠬᠤᠯᠢᠮᠠᠭ ᠨᠠᠶᠢᠷᠠᠯ ᠳᠠᠭᠤᠤ ᠨᠢ ᠰᠦᠷ ᠵᠢᠪᠬᠤᠯᠠᠩᠲᠤ ᠬᠦᠭ ᠠᠶᠠᠰ ᠢᠶᠠᠷ ᠲᠣᠭᠯᠠᠯᠲᠠ ᠶᠢᠨ ᠠᠭᠤᠷ ᠠᠮᠢᠰᠬᠤᠯ ᠢ ᠤᠷᠬᠢᠯ ᠳᠤᠨᠢ ᠬᠦᠷᠭᠡᠵᠦ᠂ ᠪᠦᠬᠦ ᠬᠦᠴᠦᠨ ᠢᠶᠠᠷ ᠢᠶᠠᠨ ᠴᠢᠷᠮᠠᠶᠢᠪᠠᠯ ᠯᠠᠪᠲᠠᠢ ᠠᠮᠵᠢᠯᠲᠠ ᠣᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠦᠯᠦᠭᠡ ᠡᠷᠡᠯᠬᠡᠭᠯᠡᠨ ᠲᠡᠮᠡᠴᠡᠬᠦ᠂ ᠴᠡᠷᠢᠭ ᠢ ᠬᠦᠴᠦᠷᠬᠡᠭᠵᠢᠭᠦᠯᠵᠤ ᠲᠡᠷᠢᠭᠦᠨ ᠳᠤ ᠤᠷᠤᠬᠤ ᠪᠠᠷ ᠡᠷᠡᠮᠡᠭᠡᠶᠢᠯᠡᠨ ᠤᠷᠤᠭᠰᠢᠯᠠᠬᠤ ᠢᠲᠡᠭᠡᠯ ᠵᠣᠷᠢᠭ ᠢ ᠢᠯᠡᠷᠡᠭᠦᠯᠪᠡ᠃ ᠪᠦᠬᠦ᠋ᠢᠯᠡ ᠲᠣᠭᠯᠠᠯᠲᠠ ᠨᠢ ᠳᠥᠭᠦᠮ ᠠᠪᠰᠠᠷᠬᠠᠨ ᠡᠭᠡᠯ ᠪᠣᠷᠣᠭᠵᠢᠭᠤᠨ᠂ ᠴᠡᠷᠢᠭ ᠪᠠᠶᠢᠯᠳᠤᠭᠠᠨ ᠤ ᠦᠨᠦᠷ ᠠᠮᠲᠠ ᠦᠳᠬᠡᠨ ᠪᠠᠶᠢᠵᠤ᠂ ᠴᠡᠷᠢᠭ ᠢ ᠬᠦᠴᠦᠷᠬᠡᠭᠵᠢᠭᠦᠯᠬᠦ ᠰᠣᠶᠣᠯ ᠤᠨ ᠡᠷᠡᠯᠬᠡᠭᠯᠡᠨ ᠪᠠᠶᠢᠯᠳᠤᠵᠤ ᠢᠯᠠᠯᠲᠠ ᠣᠯᠬᠤ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠠᠤᠭ᠎ᠠ ᠶᠡᠭᠡ ᠠᠭᠤᠷ ᠠᠮᠢᠰᠬᠤᠯ ᠢ ᠢᠯᠡᠷᠡᠭᠦᠯᠪᠡ᠃   ᠵᠠᠩ  ᠶᠢᠦ ᠰᠢᠶᠠ᠂ ᠾᠧ ᠸᠧᠢ ᠳ᠋ᠦᠩ᠂ ᠯᠢᠦ ᠵᠧᠨ ᠯᠢ᠂ ᠵᠠᠩ ᠱᠧᠩ ᠮᠢᠨ ᠬᠠᠮᠲᠤ ᠪᠠᠷ ᠲᠤᠭᠯᠠᠯᠲᠠ ᠶᠢ ᠰᠣᠨᠢᠷᠬᠠᠵᠠᠢ    ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠴᠡᠷᠢᠭ ᠠᠩᠭᠢ ᠶᠢᠨ ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠤᠳᠤᠷᠢᠳᠤᠯᠭ᠎ᠠ ᠪᠣᠯᠣᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠪᠠᠰᠠ ᠲᠣᠭᠯᠠᠯᠲᠠ ᠶᠢ ᠰᠣᠨᠢᠷᠬᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 18 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号