ᠰᠢ ᠶᠢᠨ ᠫᠢᠩ ᠠᠮᠧᠷᠢᠺᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠲᠧᠷᠠᠮᠫᠦ᠋ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2025/1/20
   1 ᠰᠠᠷ᠎ᠠ ᠶᠢᠨ 17 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠠᠮᠧᠷᠢᠺᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠲᠧᠷᠠᠮᠫᠦ᠋ ᠲᠠᠢ ᠤᠲᠠᠰᠤ ᠪᠠᠷ ᠶᠠᠷᠢᠯᠴᠠᠪᠠ᠃   ᠰᠢ ᠶᠢᠨ ᠫᠢᠩ ᠲᠧᠷᠠᠮᠫᠦ᠋ ᠶᠢᠨ ᠠᠮᠧᠷᠢᠺᠠ ᠶᠢᠨ ᠶᠡᠷᠦᠩᠬᠡᠶᠢᠯᠡᠭᠴᠢ ᠪᠠᠷ ᠳᠠᠬᠢᠨᠲᠠ ᠰᠣᠩᠭᠤᠭᠳᠠᠭᠰᠠᠨ ᠳᠤ ᠪᠠᠶᠠᠷ ᠬᠦᠷᠭᠡᠵᠦ ᠂ ᠪᠢᠳᠡ ᠴᠥᠮ ᠬᠠᠷᠢᠯᠴᠠᠨ ᠬᠤᠷᠰᠢᠯᠴᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠦᠮ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠠᠮᠧᠷᠢᠺᠠ ᠶᠢᠨ ᠶᠡᠷᠦᠩᠬᠡᠶᠢᠯᠡᠭᠴᠢ ᠶᠢᠨ ᠰᠢᠨ᠎ᠡ ᠲᠤᠰᠢᠶᠠᠯ ᠤᠨ ᠬᠤᠭᠤᠴᠠᠭ᠎ᠠ ᠳᠤ ᠰᠠᠶᠢᠨ ᠡᠬᠢᠯᠡᠯᠲᠡ ᠲᠠᠢ ᠪᠣᠯᠬᠤ ᠶᠢ ᠬᠦᠰᠡᠵᠦ ᠪᠠᠶᠢᠨ᠎ᠠ᠂ ᠳᠤᠷᠠᠲᠠᠶ᠎ᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠰᠢᠨ᠎ᠡ ᠭᠠᠷᠤᠭ᠎ᠠ ᠳᠡᠭᠡᠷ᠎ᠡ ᠨᠡᠩ ᠶᠡᠭᠡ ᠠᠬᠢᠴᠠ ᠲᠠᠢ ᠪᠣᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠳᠤᠮᠳᠠᠳᠤ ᠠᠮᠧᠷᠢᠺᠠ ᠬᠤᠶᠠᠷ ᠠᠭᠤᠤ ᠶᠡᠭᠡ ᠤᠯᠤᠰ ᠴᠥᠮ ᠥᠪᠡᠷ ᠥᠪᠡᠷ ᠤᠨ ᠬᠦᠰᠡᠯ ᠵᠡᠭᠦᠳᠦ ᠪᠠᠨ ᠬᠥᠭᠡᠭᠡᠴᠡᠯᠳᠦᠵᠦ᠂ ᠴᠥᠮ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠪᠠᠷ ᠴᠢᠷᠮᠠᠶᠢᠵᠤ ᠪᠠᠶᠢᠨ᠎ᠠ ᠃ ᠳᠤᠮᠳᠠᠳᠤ ᠠᠮᠧᠷᠢᠺᠠ ᠬᠤᠶᠠᠷ ᠤᠯᠤᠰ ᠤᠨ ᠬᠤᠭᠤᠷᠣᠨᠳᠣ ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠪᠠ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠪᠠᠶᠢᠵᠤ᠂ ᠬᠠᠨᠢᠲᠠᠨ ᠪᠠ ᠨᠠᠶᠢᠵᠠ ᠪᠣᠯᠤᠯᠴᠠᠵᠤ᠂ ᠬᠠᠷᠢᠯᠴᠠᠨ ᠠᠮᠵᠢᠯᠲᠠ ᠪᠦᠲᠦᠮᠵᠢ ᠤᠯᠬᠤ ᠶᠢ ᠠᠬᠢᠭᠤᠯᠵᠤ᠂ ᠬᠠᠮᠲᠤ ᠪᠠᠷ ᠴᠡᠴᠡᠭᠯᠡᠨ ᠬᠥᠭᠵᠢᠵᠦ᠂ ᠬᠤᠶᠠᠷ ᠤᠯᠤᠰ ᠲᠤ ᠪᠤᠶᠠᠨ ᠦᠢᠯᠡᠳᠴᠦ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠵᠦ ᠪᠣᠯᠤᠨ᠎ᠠ ᠭᠡᠵᠦ ᠴᠢᠬᠤᠯᠠᠴᠢᠯᠠᠪᠠ᠃   ᠰᠢ ᠶᠢᠨ ᠫᠢᠩ᠂ ᠤᠯᠤᠰ ᠤᠨ ᠪᠠᠶᠢᠳᠠᠯ ᠢᠶᠠᠷ ᠢᠶᠠᠨ ᠠᠳᠠᠯᠢ ᠪᠤᠰᠤ ᠬᠤᠶᠠᠷ ᠲᠤᠮᠤ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠠᠮᠧᠷᠢᠺᠠ ᠶᠢᠨ ᠬᠤᠭᠤᠷᠣᠨᠳᠣ ᠵᠥᠷᠢᠯᠳᠦᠭᠡᠨ ᠭᠠᠷᠬᠤ ᠨᠢ ᠵᠠᠶᠢᠯᠠᠰᠢ ᠦᠭᠡᠢ ᠶᠤᠮ᠂ ᠵᠠᠩᠭᠢᠯᠠᠭ᠎ᠠ ᠨᠢ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠦᠨᠳᠦᠳᠭᠡᠵᠦ᠂ ᠠᠰᠠᠭᠤᠳᠠᠯ ᠢ ᠵᠣᠬᠢᠰᠲᠠᠢ ᠰᠢᠢᠳᠪᠦᠷᠢᠯᠡᠬᠦ ᠠᠷᠭ᠎ᠠ ᠵᠠᠮ ᠢ ᠤᠯᠬᠤ ᠳᠤ ᠪᠠᠶᠢᠨ᠎ᠠ᠃ ᠲᠠᠶᠢᠸᠠᠨ ᠤ ᠠᠰᠠᠭᠤᠳᠠᠯ ᠨᠢ ᠳᠤᠮᠳᠠᠳᠤ ᠤᠯᠤᠰ ᠤᠨ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠭᠡᠷ ᠤᠨ ᠪᠦᠷᠢᠨ ᠪᠦᠲᠦᠨ ᠪᠠᠶᠢᠬᠤ ᠳᠤ ᠬᠤᠯᠪᠣᠭᠳᠠᠨ᠎ᠠ᠂ ᠠᠮᠧᠷᠢᠺᠠ ᠶᠢᠨ ᠲᠠᠯ᠎ᠠ ᠶᠢᠨ ᠬᠢᠨ ᠡᠷᠬᠡᠪᠰᠢ ᠪᠣᠯᠭᠤᠮᠵᠢᠲᠠᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃ ᠳᠤᠮᠳᠠᠳᠤ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠶᠢᠨ ᠮᠥᠨ ᠴᠢᠨᠠᠷ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠠᠪᠤᠳᠠᠯ ᠪᠣᠯᠤᠨ᠎ᠠ᠂ ᠡᠰᠡᠷᠭᠦᠴᠡᠯᠳᠦᠯ ᠮᠥᠷᠭᠦᠯᠳᠦᠭᠡᠨ ᠨᠢ ᠪᠢᠳᠡᠨ ᠤ ᠰᠣᠩᠭᠤᠯᠲᠠ ᠪᠢᠰᠢ ᠶᠤᠮ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠭᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠵᠠᠷᠴᠢᠮ ᠢᠶᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠪᠣᠯᠤᠨ ᠳᠡᠯᠡᠬᠡᠢ ᠳ᠋ᠠᠬᠢᠨ ᠳᠤ ᠠᠰᠢᠭᠲᠠᠢ ᠶᠡᠭᠡ ᠶᠠᠪᠤᠳᠠᠯ᠂ ᠪᠣᠳᠠᠲᠤ ᠶᠠᠪᠤᠳᠠᠯ᠂ ᠰᠠᠶᠢᠨ ᠶᠠᠪᠤᠳᠠᠯ ᠢ ᠢᠯᠡᠭᠦᠬᠡᠨ ᠬᠢᠵᠦ᠂ ᠳᠤᠮᠳᠠᠳᠤ ᠠᠮᠧᠷᠢᠺᠠ ᠬᠤᠶᠠᠷ ᠲᠤᠮᠤ ᠬᠥᠯᠭᠡ ᠣᠩᠭᠤᠴᠠ ᠶᠢ ᠲᠣᠭᠲᠠᠭᠤᠨ᠂ ᠡᠷᠡᠭᠦᠯ᠂ ᠦᠷᠭᠦᠯᠵᠢᠯᠡᠬᠦ ᠬᠥᠭᠵᠢᠯᠲᠡ ᠶᠢᠨ ᠠᠶᠠᠯᠠᠯ ᠤᠨ ᠵᠠᠮ ᠢᠶᠠᠷ ᠲᠠᠰᠤᠷᠠᠯᠳᠠ ᠦᠭᠡᠢ ᠤᠷᠤᠭᠰᠢᠯᠠᠭᠤᠯᠤᠶ᠎ᠠ ᠭᠡᠵᠦ ᠵᠢᠭᠠᠵᠤ ᠭᠠᠷᠭᠠᠪᠠ᠃   ᠲᠧᠷᠠᠮᠫᠦ᠋ ᠲᠡᠷᠢᠭᠦᠯᠡᠭᠴᠢ ᠰᠢ ᠶᠢᠨ ᠫᠢᠩ ᠤᠨ ᠪᠠᠶᠠᠷ ᠬᠦᠷᠭᠡᠭᠰᠡᠨ ᠳᠤ ᠲᠠᠯᠠᠷᠬᠠᠵᠤ᠂ ᠲᠡᠷᠢᠭᠦᠯᠡᠭᠴᠢ ᠰᠢ ᠶᠢᠨ ᠫᠢᠩ ᠯᠦᠭᠡ ᠶᠢᠨ ᠠᠭᠤᠤ ᠶᠡᠭᠡ ᠬᠠᠷᠢᠯᠴᠠᠭ᠎ᠠ ᠶᠢ ᠮᠠᠰᠢ ᠨᠠᠨᠳᠢᠩᠨᠠᠵᠤ ᠪᠠᠶᠢᠨ᠎ᠠ᠂ ᠶᠠᠷᠢᠯᠴᠠᠭ᠎ᠠ ᠤᠯᠤᠯᠴᠠᠭ᠎ᠠ ᠪᠠᠨ ᠦᠷᠭᠦᠯᠵᠢᠯᠡᠨ ᠪᠠᠲᠤᠯᠠᠬᠤ ᠶᠢ ᠬᠦᠰᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠲᠠᠢ ᠡᠷᠲᠡᠬᠡᠨ ᠠᠭᠤᠯᠵᠠᠬᠤ ᠶᠢ ᠬᠦᠰᠡᠵᠦ ᠪᠠᠶᠢᠨ᠎ᠠ᠃ ᠠᠮᠧᠷᠢᠺᠠ ᠳᠤᠮᠳᠠᠳᠤ ᠪᠣᠯ ᠣᠳᠣᠬᠠᠨ ᠤ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠤᠯᠤᠰ ᠪᠣᠯᠤᠨ᠎ᠠ᠂ ᠥᠨᠢ ᠤᠳᠠᠭᠠᠨ ᠤ ᠨᠥᠬᠦᠷᠰᠡᠭ ᠪᠠᠶᠢᠬᠤ ᠪᠠᠨ ᠪᠠᠲᠤᠯᠠᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠲᠤ ᠪᠠᠷ ᠬᠠᠮᠠᠭᠠᠯᠠᠪᠠᠯ ᠵᠣᠬᠢᠨ᠎ᠠ ᠭᠡᠵᠦ ᠢᠯᠡᠳᠭᠡᠪᠡ᠃   ᠬᠤᠶᠠᠷ ᠤᠯᠤᠰ ᠤᠨ ᠲᠡᠷᠢᠭᠦᠨ ᠦᠺᠷᠠᠶᠢᠨ ᠤ ᠬᠢᠮᠤᠷᠠᠯ᠂ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠶ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃ᠬᠤᠶᠠᠷ ᠤᠯᠤᠰ ᠤᠨ ᠲᠡᠷᠢᠭᠦᠨ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠶᠢᠨ ᠠᠷᠭ᠎ᠠ ᠵᠠᠮ ᠢ ᠪᠠᠶᠢᠭᠤᠯᠵᠤ᠂ ᠬᠤᠶᠠᠷ ᠤᠯᠤᠰ ᠤᠨ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠶᠢ ᠵᠥᠪᠰᠢᠶᠡᠷᠡᠪᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 17 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号