ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠦᠦ ᠬᠦᠭᠵᠢᠯᠲᠦ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/21
   ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ ᠪᠦᠬᠦ ᠤᠯᠤᠰ ᠤᠨ ︽5.1︾ ᠤ ᠬᠥᠳᠡᠯᠮᠦᠷᠢ ᠶᠢᠨ ᠱᠠᠩᠨᠠᠯ ᠬᠦᠷᠲᠡᠭᠴᠢ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠳᠡᠯᠮᠦᠷᠢ ᠶᠢᠨ ᠵᠢᠱᠢᠶᠡᠴᠢ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠪᠠ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠩ ᠺᠧ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢ ᠲᠣᠬᠤᠨᠢᠭᠤᠯᠵᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠪᠠ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠪᠡ᠃    ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠩ ᠺᠧ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠳᠤ᠂ ᠪᠦᠦ ᠬᠦᠭᠵᠢᠯᠲᠦ ᠨᠡᠷ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠬᠤᠶᠢᠰᠢᠳᠠ ᠶᠢᠨ ᠬᠥᠭᠵᠢᠯᠲᠡ ᠶᠢᠨ ᠰᠡᠳᠬᠢᠴᠡ ᠶᠢ ᠨᠠᠷᠢᠨ ᠣᠶᠢᠯᠠᠭᠠᠪᠠ᠃ ᠬᠤᠶᠠᠷ ᠠᠵᠤ ᠠᠬᠤᠶᠢᠯᠠᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠨᠤᠲᠠᠯᠠᠵᠤ᠂ ᠠᠵᠤ ᠠᠬᠤᠶᠢᠯᠠᠯ ᠦᠷᠭᠦᠯᠵᠢᠯᠡᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠣᠷᠣᠨ ᠨᠤᠲᠤᠭ ᠤᠨ ᠠᠵᠤ ᠠᠬᠤᠢ ᠳᠤ ᠬᠤᠪᠢ ᠨᠡᠮᠡᠷᠢ ᠦᠵᠡᠭᠦᠯᠬᠦ ᠨᠣᠷᠮ᠎ᠠ ᠪᠠᠨ ᠳᠡᠭᠡᠭᠰᠢᠯᠡᠭᠦᠯᠦᠨ᠂ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠶᠢ ᠬᠦᠰᠡᠵᠦ ᠪᠠᠶᠢᠨ᠎ᠠ᠃ ᠥᠪᠥᠷ ᠮᠣᠩᠭᠤᠯ ᠤᠨ ᠵᠢᠩ ᠺᠧ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠳᠤ᠂ ᠪᠦᠦ ᠬᠦᠭᠵᠢᠯᠲᠦ ᠪᠦᠬᠦ ᠤᠯᠤᠰ ᠤᠨ ︽5 · 1︾ ᠤ ᠬᠥᠳᠡᠯᠮᠦᠷᠢ ᠶᠢᠨ ᠱᠠᠩᠨᠠᠯ ᠬᠦᠷᠲᠡᠭᠴᠢ ᠲᠢᠶᠠᠨ ᠶᠧ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠳᠡᠯᠮᠦᠷᠢ ᠶᠢᠨ ᠵᠢᠱᠢᠶᠡᠴᠢ ᠵᠠᠩ ᠬᠤᠩ ᠱᠧᠩ ᠪᠣᠯᠤᠨ ᠵᠤ ᠰᠢᠦᠸᠡᠢ ᠹᠠᠨ ᠲᠣᠬᠤᠨᠢᠭᠤᠯᠬᠤ ᠮᠥᠩᠭᠦ ᠬᠦᠷᠭᠡᠵᠦ᠂ ᠲᠡᠳᠡᠨ ᠤ ᠲᠡᠷᠢᠭᠦᠨ ᠤ ᠬᠥᠮᠦᠰ ᠤᠨ ᠵᠢᠱᠢᠶᠡᠴᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠲᠤᠰ ᠲᠤᠰ ᠤᠨ ᠬᠦᠷᠢᠶᠡᠨ ᠳᠤ ᠨᠡᠩ ᠰᠠᠶᠢᠨ ᠠᠮᠵᠢᠯᠲᠠ ᠪᠦᠲᠦᠮᠵᠢ ᠣᠯᠬᠤ ᠶᠢ ᠬᠦᠰᠡᠪᠡ᠃    ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠭᠠᠳᠠ ᠶᠢᠨ ᠭᠡᠷ ᠲᠤ᠂ ᠪᠦᠦ ᠬᠦᠭᠵᠢᠯᠲᠦ ᠠᠬᠠᠮᠠᠳ ᠺᠠᠳ᠋ᠷᠴᠤᠳ ᠲᠠᠢ ᠵᠣᠭᠤᠭᠳᠠᠵᠤ᠂ ᠬᠥᠭᠵᠢᠯᠲᠡ ᠶᠢᠨ ᠲᠤᠬᠠᠢ ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠠᠬᠠᠮᠠᠳ ᠺᠠᠳ᠋ᠷᠴᠤᠳ ᠲᠤ ᠴᠠᠭᠠᠨ ᠰᠠᠷ᠎ᠠ ᠶᠢᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠠᠬᠠᠮᠠᠳ ᠺᠠᠳ᠋ᠷᠴᠤᠳ ᠪᠡᠶ᠎ᠡ ᠪᠠᠨ ᠭᠠᠮᠨᠠᠨ ᠬᠠᠮᠠᠭᠠᠯᠠᠬᠤ ᠤᠷᠢᠲᠠᠯ ᠳᠣᠣᠷ᠎ᠠ᠂ ᠲᠤᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号