ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠼᠠᠢ ᠪᠦᠦ ᠵᠢᠶᠦ᠋ᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠪᠦᠬᠦ ᠤᠯᠤᠰ ᠤᠨ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠢᠱᠢᠶᠡᠴᠢ᠂ ᠪᠦᠬᠦ ᠤᠯᠤᠰ ᠤᠨ ︽5.1︾ ᠤ | ᠬᠥᠳᠡᠯᠮᠦᠷᠢ ᠶᠢᠨ ᠱᠠᠩᠨᠠᠯ ᠬᠦᠷᠲᠡᠭᠴᠢ᠂ ᠪᠦᠬᠦ ᠤᠯᠤᠰ ᠤᠨ ᠬᠠᠮᠤᠭ ᠤᠨ ᠭᠤᠶᠣ ᠬᠥᠳᠡᠭᠡ ᠲᠣᠰᠬᠤᠨ ᠤ ᠡᠮᠴᠢ | ᠵᠢᠴᠢ ᠭᠤᠣᠯᠳᠠᠯᠭ᠎ᠠ ᠲᠠᠢ ᠠᠵᠤ ᠠᠬᠤᠶᠢᠯᠠᠯ ᠢ ᠲᠣᠬᠤᠨᠢᠭᠤᠯᠵᠤ᠂ ᠲᠡᠳᠡᠨ ᠳᠤ ᠴᠢᠩ ᠰᠡᠳᠬᠢᠯ ᠤᠨ ᠪᠠᠶᠠᠷ ᠤᠨ | ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠠᠵᠢᠯ ᠠᠴᠠ ᠪᠠᠨ | ᠠᠮᠠᠷᠠᠭᠰᠠᠨ ᠠᠬᠠᠮᠠᠳ ᠺᠠᠳ᠋ᠷ ᠪᠠᠢ ᠴᠠᠩ ᠱᠧᠩ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠵᠢᠱᠢᠶᠡᠴᠢ ᠪᠠᠢ ᠵᠢᠩ ᠶᠢᠩ ᠤᠨ ᠭᠡᠷ ᠲᠤ᠂ ᠼᠠᠢ ᠪᠦᠦ ᠵᠢᠶᠦ᠋ᠨ ᠲᠡᠳᠡᠨ ᠤ ᠡᠷᠡᠭᠦᠯ ᠮᠡᠨᠳᠦ ᠶᠢᠨ ᠪᠠᠶᠢᠳᠠᠯ | ᠪᠣᠯᠤᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠠᠬᠠᠮᠠᠳ ᠺᠠᠳ᠋ᠷᠴᠤᠳ ᠤᠨ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ | ᠲᠠᠯᠠᠷᠬᠠᠵᠤ᠂ ᠳᠠᠷᠤᠤ ᠬᠢᠴᠢᠶᠡᠩᠭᠦᠢ ᠪᠠᠷ ᠰᠠᠨᠠᠯ ᠰᠠᠨᠠᠭᠤᠯᠭ᠎ᠠ ᠶᠢ ᠰᠣᠨᠣᠰᠴᠠᠢ᠃ | ᠼᠠᠢ ᠪᠦᠦ ᠵᠢᠶᠦ᠋ᠨ ᠬᠡᠯᠡᠬᠦ ᠳᠡᠭᠡᠨ᠂ ᠠᠬᠠᠮᠠᠳ ᠺᠠᠳ᠋ᠷᠴᠤᠳ ᠦᠷᠭᠦᠯᠵᠢᠯᠡᠨ ᠦᠯᠡᠳᠡᠪᠦᠷᠢ ᠢᠯᠴᠢ ᠪᠠᠨ | ᠪᠠᠳᠠᠷᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠵᠦᠢᠯ ᠤᠨ ᠦᠢᠯᠡᠰ ᠤᠨ | ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃ ᠪᠦᠬᠦ | ᠤᠯᠤᠰ ᠤᠨ ︽5 · 1︾ ᠤ ᠬᠥᠳᠡᠯᠮᠦᠷᠢ ᠶᠢᠨ ᠱᠠᠩᠨᠠᠯ ᠬᠦᠷᠲᠡᠭᠴᠢ ᠵᠠᠩ ᠱᠧᠩ᠂ ᠪᠦᠬᠦ ᠤᠯᠤᠰ ᠤᠨ ᠬᠠᠮᠤᠭ ᠤᠨ | ᠭᠤᠶᠣ ᠬᠥᠳᠡᠭᠡ ᠲᠣᠰᠬᠤᠨ ᠤ ᠡᠮᠴᠢ ᠸᠠᠩ ᠪᠥᠬᠡ ᠶᠢᠨ ᠭᠡᠷ ᠲᠤ᠂ ᠼᠠᠢ ᠪᠦᠦ ᠵᠢᠶᠦ᠋ᠨ ᠲᠡᠳᠡᠨ ᠤ ᠠᠮᠢᠳᠤᠷᠠᠯ ᠤᠨ | ᠣᠶᠢᠷ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠣᠯᠠᠨ ᠵᠢᠯ ᠤᠨ ᠰᠢᠷᠭᠠᠭᠤ ᠬᠠᠲᠠᠭᠤᠵᠢᠯᠲᠠᠢ | ᠴᠢᠷᠮᠠᠶᠢᠯᠭ᠎ᠠ ᠳᠤ ᠲᠠᠯᠠᠷᠬᠠᠵᠤ᠂ ᠲᠡᠳᠡᠨ ᠤ ᠦᠷᠭᠦᠯᠵᠢᠯᠡᠨ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠵᠤ | ᠂ ᠨᠡᠩ ᠣᠯᠠᠨ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠪᠦᠬᠦ ᠬᠤᠰᠢᠭᠤᠨ ᠤ ᠡᠯ᠎ᠡ ᠵᠦᠢᠯ ᠤᠨ ᠠᠵᠢᠯ | ᠦᠢᠯᠡᠰ ᠤᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃ ᠥᠪᠥᠷ | ᠮᠣᠩᠭᠤᠯ ᠤᠨ ᠰᠢᠩ ᠲᠦᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠳᠤ᠂ ᠼᠠᠢ ᠪᠦᠦ ᠵᠢᠶᠦ᠋ᠨ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠬᠤᠶᠢᠰᠢᠳᠠ ᠶᠢᠨ ᠬᠥᠭᠵᠢᠯᠲᠡ ᠶᠢᠨ | ᠰᠡᠳᠬᠢᠴᠡ ᠶᠢ ᠨᠠᠷᠢᠨ ᠣᠶᠢᠯᠠᠭᠠᠪᠠ᠃ ᠼᠠᠢ ᠪᠦᠦ ᠵᠢᠶᠦ᠋ᠨ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ ᠰᠢᠩ | ᠲᠦᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠨᠢ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠭᠤᠣᠯᠳᠠᠯᠭ᠎ᠠ ᠲᠠᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠦᠬᠦ ᠬᠤᠰᠢᠭᠤᠨ ᠤ ᠠᠵᠤ | ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠰᠢᠨ᠎ᠡ ᠨᠢᠭᠡ ᠵᠢᠯ ᠳᠤ᠂ | ᠬᠤᠰᠢᠭᠤᠨ ᠤ ᠨᠠᠮ ᠤᠨ ᠬᠤᠷᠢ᠊ ᠡᠶ᠎ᠡ᠂ ᠬᠤᠰᠢᠭᠤᠨ ᠤ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ | ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢᠶᠠᠨ | ᠤᠯᠠᠮ ᠨᠢᠭᠡ ᠠᠯᠬᠤᠮ ᠪᠠᠲᠤᠳᠬᠠᠨ᠂ ᠠᠵᠤ ᠠᠬᠤᠶᠢᠯᠠᠯ ᠤᠨ ᠥᠷᠢᠰᠥᠯᠳᠦᠬᠦ ᠬᠦᠴᠦᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠢ ᠴᠢᠩᠭ᠎ᠠ ᠪᠥᠭᠡᠳ ᠴᠢᠩᠭ᠎ᠠ ᠠᠳᠬᠤᠵᠤ᠂ ᠠᠵᠤ ᠠᠬᠤᠶᠢᠯᠠᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠯᠠᠪᠳᠠᠭᠤᠨ ᠢᠶᠠᠷ ᠬᠤᠯᠠ ᠠᠶᠠᠯᠠᠬᠤ ᠶᠢ ᠬᠦᠰᠡᠵᠦ ᠪᠠᠶᠢᠨ᠎ᠠ ᠭᠡᠵᠡᠢ᠃ | ᠬᠤᠰᠢᠭᠤᠨ ᠤ ᠤᠳᠤᠷᠢᠳᠤᠯᠭ᠎ᠠ ᠲᠦᠩ ᠴᠢᠩ ᠴᠦᠨ᠂ ᠸᠠᠩ ᠶᠢᠨ ᠪᠦᠦ ᠲᠣᠬᠤᠨᠢᠭᠤᠯᠬᠤ ᠳᠤ ᠣᠷᠣᠯᠴᠠᠵᠠᠢ᠃ |