ᠰᠢᠶᠠ ᠢᠦᠢ᠄ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠶᠢᠷ᠎ᠠ ᠰᠡᠳᠬᠢᠯᠭᠡ ᠶᠢ ᠦᠷᠭᠦᠯᠵᠢᠯᠡᠨ ᠪᠢᠴᠢᠭᠯᠡᠨ᠎ᠡ
ᠨᠡᠶᠢᠲᠡᠯᠡᠭᠰᠡᠨ ᠴᠠᠭ᠄
2025/1/22
   2023 ᠣᠨ ᠤ 6 ᠰᠠᠷ᠎ᠠ ᠳᠤ᠂ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠶᠢᠨ ᠰᠤᠳᠤᠯᠬᠤ ᠲᠠᠰᠤᠭ ᠤᠨ ᠡᠷᠬᠢᠯᠡᠭᠴᠢ ᠰᠢᠶᠠ ᠢᠦᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠲᠤᠰᠢᠶᠠᠯ ᠡᠭᠦᠷᠭᠡᠯᠡᠨ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠬᠠᠯᠠᠭᠤᠨ ᠵᠤᠨ ᠤ ᠬᠦᠢᠲᠡᠨ ᠢ ᠠᠷᠢᠯᠭᠠᠵᠤ ᠬᠠᠪᠰᠤᠷᠤᠨ ᠲᠡᠳᠬᠦᠬᠦ ᠠᠵᠢᠯ ᠥᠩᠭᠡᠷᠡᠭᠰᠡᠨ ᠨᠢᠭᠡ ᠵᠢᠯ ᠬᠠᠭᠠᠰ ᠲᠤ᠂ ᠰᠢᠶᠠ ᠢᠦᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠰᠤᠮᠤ ᠪᠠᠯᠭᠠᠰᠤ ᠪᠠᠷ ᠶᠠᠪᠤᠵᠤ᠂ ᠪᠣᠳᠠᠲᠤ ᠪᠠᠶᠢᠳᠠᠯ ᠢ ᠣᠶᠢᠯᠠᠭᠠᠭᠰᠠᠨ ᠰᠠᠭᠤᠷᠢᠨ ᠳᠡᠭᠡᠷ᠎ᠡ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠪᠰᠤᠷᠤᠨ ᠲᠡᠳᠬᠦᠬᠦ ᠲᠥᠷᠥᠯ ᠵᠦᠢᠯ ᠤᠳ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃ ᠥᠨᠥᠳᠦᠷ ᠤᠨ ᠲᠡᠷᠡ ᠤᠭ ᠰᠠᠨᠠᠭ᠎ᠠ ᠪᠠᠨ ᠬᠤᠪᠢᠷᠠᠭᠤᠯᠬᠤ ᠦᠭᠡᠢ᠂ ᠠᠯᠬᠤᠮ ᠳᠠᠷᠠᠭ᠎ᠠ ᠦᠭᠡᠢ ᠪᠠᠶᠢᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠬᠦ ᠲᠠᠯ᠎ᠠ ᠪᠠᠷ ᠨᠡᠩ ᠡᠷᠡᠰ ᠪᠠᠲᠤ ᠪᠣᠯᠭᠠᠪᠠ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠬᠥᠭᠵᠢᠭᠦᠯᠬᠦ ᠪᠣᠯ ᠰᠠᠭᠤᠷᠢ ᠮᠥᠨ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠶᠢᠨ ᠲᠥᠯᠥᠭᠡ᠂ ᠰᠢᠶᠠ ᠢᠦᠢ ᠰᠤᠮᠤ ᠪᠠᠯᠭᠠᠰᠤ᠂ ᠭᠠᠴᠠᠭᠠᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠲᠦᠰᠢᠭᠯᠡᠨ᠂ ᠲᠦᠷᠦᠯ ᠲᠡᠮᠳᠡᠭ ᠪᠣᠰᠬᠠᠵᠤ᠂ ᠬᠥᠭᠵᠢᠯᠲᠡ ᠶᠢ ᠠᠬᠢᠭᠤᠯᠵᠤ᠂ ᠪᠣᠷᠣᠯᠠᠭᠤᠯᠵᠤ᠂ ᠴᠠᠭᠠᠨ ᠢᠳᠡᠭᠡ᠂ ᠦᠬᠡᠷ ᠤᠨ ᠪᠣᠷᠴᠠ᠂ ᠯᠠᠵᠤᠤ ᠶᠢᠨ ᠵᠢᠶᠠᠩ᠂ ᠬᠠᠲᠠᠭᠠᠭᠰᠠᠨ ᠪᠤᠷᠴᠠᠭ᠂ ᠪᠠᠲᠤᠴᠠᠭᠠᠨ ᠤ ᠦᠷ᠎ᠡ ᠶᠢᠨ ᠲᠣᠰᠣ ᠵᠡᠷᠭᠡ ᠨᠢᠭᠡ ᠪᠦᠯᠦᠭ ᠭᠠᠵᠠᠷ ᠤᠨ ᠣᠨᠴᠠᠯᠢᠭᠲᠤ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ ᠪᠣᠷᠣᠯᠠᠭᠤᠯᠬᠤ ᠶᠢ ᠪᠡᠶᠡᠯᠡᠭᠦᠯᠵᠡᠢ᠃ ᠰᠢᠶᠠ ᠢᠦᠢ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠦᠢᠯᠡᠳᠦᠯᠭᠡ ᠶᠢᠨ ᠳᠤᠮᠳᠠ᠂ ᠰᠠᠶᠢᠨ ᠠᠷᠭ᠎ᠠ ᠬᠢᠳᠡᠯ᠂ ᠰᠠᠶᠢᠨ ᠲᠤᠷᠰᠢᠯᠭ᠎ᠠ ᠶᠢ ᠥᠷᠭᠡᠨ ᠢᠶᠠᠷ ᠳᠡᠯᠭᠡᠷᠡᠭᠦᠯᠪᠡᠯ ᠵᠣᠬᠢᠨ᠎ᠠ᠃ 2024 ᠣᠨ ᠳᠤ ᠲᠡᠭᠦᠨ ᠤ ᠪᠢᠴᠢᠭᠰᠡᠨ ︽ᠵᠠᠰᠠᠭ ᠤᠨ ᠣᠷᠳᠣᠨ᠂ ᠠᠵᠤ ᠠᠬᠤᠶᠢᠯᠠᠯ᠂ ᠲᠠᠷᠢᠶᠠᠴᠢᠨ ᠤ ᠬᠠᠨᠢᠲᠠᠨ ᠤ ᠬᠠᠷᠢᠴᠠᠭ᠎ᠠ ᠶᠢ ᠪᠠᠶᠢᠭᠤᠯᠤᠭᠰᠠᠨ ᠵᠠᠬᠢᠶᠠᠯᠠᠭ᠎ᠠ ᠶᠢᠨ ᠲᠠᠷᠢᠶᠠᠯᠠᠩ ᠤᠨ ᠣᠷᠣᠯᠭ᠎ᠠ ᠶᠢ ᠨᠡᠮᠡᠭᠳᠡᠭᠦᠯᠬᠦ - ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠦᠢᠯᠡᠰ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠭᠰᠡᠨ ᠬᠡᠷᠡᠭ ᠤᠨ ᠵᠢᠱᠢᠶ᠎ᠡ︾ ᠯᠤᠲᠤ ᠶᠡᠭᠡ ᠲᠤᠰᠬᠠᠯ ᠭᠠᠷᠴᠤ᠂ ᠲᠠᠪᠤᠳᠤᠭᠠᠷ ᠬᠤᠭᠤᠴᠠᠭᠠᠨ ᠤ ᠪᠦᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠭᠰᠡᠨ ᠰᠢᠯᠢᠳᠡᠭ ᠬᠡᠷᠡᠭ ᠤᠨ ᠵᠢᠱᠢᠶ᠎ᠡ ᠶᠢᠨ ᠨᠢᠭᠡ ᠪᠠᠷ ᠦᠨᠡᠯᠡᠭᠳᠡᠪᠡ᠃ ᠲᠤᠰ ᠬᠡᠷᠡᠭ ᠤᠨ ᠵᠢᠱᠢᠶ᠎ᠡ ᠨᠢ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠳᠤᠮᠳᠠ ᠬᠥᠭᠵᠢᠨ ᠪᠤᠵᠠᠭᠠᠶᠢᠷᠠᠭᠰᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠮᠠᠩᠬ᠎ᠠ ᠰᠤᠮᠤᠨ ᠤ ᠬᠠᠲᠠᠭᠠᠮᠠᠯ ᠪᠤᠷᠴᠠᠭ ᠤᠨ ᠠᠵᠤ ᠦᠢᠯᠡᠰ ᠲᠤ ᠰᠠᠭᠤᠷᠢᠯᠠᠨ᠂ ᠲᠤᠰ ᠭᠠᠵᠠᠷ ᠣᠷᠣᠨ ᠤ ᠠᠵᠤ ᠠᠬᠤᠶᠢᠯᠠᠯ — ᠬᠢᠩᠭᠠᠨ ᠠᠶᠢᠮᠠᠭ ᠤᠨ ᠵᠢᠢ ᠰᠢᠶᠠᠩ ᠠᠶᠢᠯ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠦᠷᠦᠭᠦᠯᠡᠨ᠂ ︽ᠵᠠᠰᠠᠭ ᠤᠨ ᠣᠷᠳᠣᠨ+ ᠠᠵᠤ ᠠᠬᠤᠶᠢᠯᠠᠯ+ ᠲᠠᠷᠢᠶᠠᠴᠢᠳ+ ᠬᠤᠷᠰᠢᠶᠠᠵᠢᠯ︾ ᠤᠨ ᠵᠠᠬᠢᠶᠠᠯᠠᠭ᠎ᠠ ᠶᠢᠨ ᠦᠢᠯᠡᠳᠪᠦᠷᠢᠯᠡᠯ ᠤᠨ ᠵᠠᠭᠪᠤᠷ ᠢ ᠬᠡᠷᠡᠭᠯᠡᠨ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ ᠲᠣᠬᠢᠷᠠᠮᠵᠢᠲᠠᠢ ᠪᠤᠷᠴᠠᠭ ᠤᠨ ᠲᠥᠷᠥᠯ ᠵᠦᠢᠯ ᠢ ᠵᠢᠱᠢᠶ᠎ᠡ ᠦᠵᠡᠭᠦᠯᠦᠨ ᠳᠠᠶᠢᠴᠢᠯᠠᠵᠤ᠂ ᠪᠣᠬᠢᠷᠲᠤᠯ ᠦᠭᠡᠢ ᠠᠮᠢ ᠠᠬᠤᠢ ᠶᠢᠨ ᠣᠷᠭᠠᠨᠢᠭ ᠪᠤᠷᠴᠠᠭ ᠤᠨ ᠠᠵᠤ ᠦᠢᠯᠡᠰ ᠢ ᠪᠣᠢ ᠪᠣᠯᠭᠠᠪᠠ᠃    ︽ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠣᠷ᠎ᠠ᠂ ᠪᠢ ᠲᠦᠷᠦᠭᠦᠯᠡᠨ ᠬᠥᠭᠵᠢᠭᠦᠯᠦᠭᠰᠡᠨ ᠵᠠᠬᠢᠶᠠᠯᠠᠭ᠎ᠠ ᠶᠢᠨ ᠦᠢᠯᠡᠳᠪᠦᠷᠢᠯᠡᠯ ᠣᠷᠭᠠᠨᠢᠭ ᠪᠤᠷᠴᠠᠭᠲᠤ ᠠᠵᠤ ᠦᠢᠯᠡᠰ ᠦᠷᠭᠦᠯᠵᠢᠯᠡᠨ ᠬᠥᠭᠵᠢᠵᠦ᠂ ᠳᠡᠳ᠋ ᠲᠣᠪᠴᠢᠶᠠᠨ ᠳᠠᠷᠤᠭ᠎ᠠ ᠶᠢᠨ ᠬᠠᠪᠰᠤᠷᠤᠯᠭ᠎ᠠ ᠳᠣᠣᠷ᠎ᠠ᠂ 2024 ᠣᠨ ᠤ ᠬᠠᠲᠠᠭᠰᠠᠨ ᠪᠤᠷᠴᠠᠭ ᠤᠨ ᠠᠵᠤ ᠦᠢᠯᠡᠰ ᠪᠦᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠠᠭᠠᠰᠬᠠᠬᠤ ᠬᠠᠮᠤᠭ ᠤᠨ ᠰᠠᠶᠢᠨ ᠬᠡᠷᠡᠭ ᠤᠨ ᠵᠢᠱᠢᠶ᠎ᠡ ᠪᠠᠷ ᠰᠣᠩᠭᠤᠭᠳᠠᠵᠠᠢ᠂ ᠡᠨᠡ ᠨᠢ ᠨᠠᠮᠠᠶᠢ ᠨᠡᠩ ᠵᠣᠷᠢᠭᠵᠢᠭᠤᠯᠪᠠ ᠂ ᠬᠤᠶᠢᠰᠢᠳᠠ ᠬᠠᠲᠠᠭᠠᠮᠠᠯ ᠪᠤᠷᠴᠠᠭ ᠤᠨ ᠠᠵᠤ ᠦᠢᠯᠡᠰ ᠢ ᠴᠢᠷᠮᠠᠶᠢᠨ ᠬᠥᠭᠵᠢᠭᠦᠯᠦᠨ ᠪᠤᠵᠠᠭᠠᠶᠢᠷᠠᠭᠤᠯᠵᠤ᠂ ᠡᠷᠭᠢᠨ ᠲᠣᠭᠤᠷᠢᠨ ᠤ ᠨᠡᠩ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠴᠠᠭᠤᠯᠵᠤ᠂ ᠬᠠᠮᠲᠤ ᠪᠠᠷ ᠪᠠᠶᠠᠵᠢᠬᠤ ᠪᠣᠯᠤᠨ᠎ᠠ︾  ᠬᠡᠵᠤ ᠬᠢᠩᠭᠠᠨ ᠠᠶᠢᠮᠠᠭ ᠤᠨ ᠵᠢᠢ ᠰᠢᠶᠠᠩ ᠠᠶᠢᠯ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠦ ᠺᠤᠮᠫᠠᠨᠢ ᠶᠢᠨ ᠳᠠᠭᠠᠭᠠᠮᠠᠯ ᠠᠨ ᠳ᠋ᠢᠩ ᠬᠡᠯᠡᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 4000 ᠲᠦᠮᠡᠨ ᠲᠥᠭᠦᠷᠢᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠭᠰᠡᠨ ᠪᠡᠭᠡᠵᠢᠩ ᠥᠪᠥᠷ ᠮᠣᠩᠭᠤᠯ ᠤᠨ ᠪᠣᠷᠳᠣᠵᠤ ᠲᠠᠷᠭᠤᠯᠠᠭᠤᠯᠬᠤ ᠦᠬᠡᠷ ᠤᠨ ᠠᠵᠤ ᠦᠢᠯᠡᠰ ᠤᠨ ᠬᠦᠷᠢᠶᠡᠯᠡᠩ ︵ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ︶ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠰᠠᠭᠤᠷᠢᠰᠢᠪᠠ᠃ ᠲᠤᠰᠢᠶᠠᠯ ᠡᠭᠦᠷᠭᠡᠯᠡᠭᠰᠡᠨ ᠺᠠᠳ᠋ᠷ ᠰᠢᠶᠠ ᠢᠦᠢ ᠮᠠᠯ ᠠᠵᠤ ᠠᠬᠤᠢ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ ᠣᠯᠪᠠ᠂ ᠲᠡᠷᠡ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠬᠤ ᠪᠠᠷ ᠳᠠᠮᠵᠢᠭᠤᠯᠤᠨ᠂ ᠮᠡᠷᠭᠡᠵᠢᠯ ᠤᠨ ᠪᠣᠯᠪᠠᠰᠤᠷᠠᠯ ᠢ ᠴᠢᠩᠭ᠎ᠠ ᠠᠳᠬᠤᠵᠤ᠂ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠠᠯᠠᠰᠢᠨ ᠦᠬᠡᠷ ᠤᠨ ᠠᠵᠤ ᠦᠢᠯᠡᠰ ᠤᠨ ᠰᠢᠨᠵᠢᠯᠡᠬᠦ ᠤᠬᠠᠭᠠᠨᠴᠢᠯᠠᠯᠲᠠ᠂ ᠬᠡᠪᠴᠢᠶᠡᠵᠢᠯᠲᠡ᠂ ᠡᠷᠴᠢᠮᠵᠢᠯᠲᠡ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠶᠢ ᠠᠬᠢᠭᠤᠯᠪᠠ᠃ ᠰᠢᠶᠠ ᠢᠦᠢ ᠦᠬᠡᠷ ᠬᠤᠨᠢᠨ ᠤ ᠠᠷᠠᠯᠵᠢᠶᠠᠨ ᠤ ᠪᠠᠶᠢᠳᠠᠯ ᠢ ᠰᠢᠨᠵᠢᠯᠡᠨ ᠪᠠᠶᠢᠴᠠᠭᠠᠪᠠ᠃ ︽ᠰᠢᠶᠠ ᠲᠣᠪᠴᠢᠶᠠᠨ ᠳᠠᠷᠤᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠢᠷᠡᠭᠰᠡᠨ ᠤ ᠳᠠᠷᠠᠭ᠎ᠠ᠂ ᠮᠠᠨ ᠤ ᠠᠵᠤ ᠠᠬᠤᠶᠢᠯᠠᠯ ᠮᠠᠰᠢ ᠶᠡᠭᠡ ᠠᠰᠢᠭ ᠬᠦᠷᠲᠡᠵᠦ᠂ ᠲᠡᠷᠡ ᠦᠷᠭᠦᠯᠵᠢ ᠮᠠᠨ ᠤ ᠠᠵᠤ ᠠᠬᠤᠶᠢᠯᠠᠯ ᠳᠤ ᠬᠦᠷᠴᠦ ᠰᠤᠷᠪᠤᠯᠵᠢᠯᠠᠨ᠂ ᠠᠵᠤ ᠠᠬᠤᠶᠢᠯᠠᠯ ᠤᠨ ᠪᠣᠳᠠᠲᠠᠢ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ᠂ ᠢᠯᠠᠩᠭᠤᠶ᠎ᠠ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢᠨ ᠳᠡᠮᠵᠢᠯᠭᠡ ᠪᠠᠷ ᠳᠠᠮᠵᠢᠭᠤᠯᠤᠨ᠂ ᠮᠠᠨ ᠤ ᠺᠣᠮᠫᠠᠨᠢ ᠶᠢᠨ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠮᠠᠨ ᠤ ᠠᠷᠠᠯᠵᠢᠶᠠᠨ ᠤ ᠵᠠᠬ᠎ᠠ ᠳᠡᠯᠭᠡᠭᠦᠷ ᠡᠨᠡ ᠵᠢᠯ ᠶᠡᠷᠦᠩᠬᠡᠢ ᠠᠷᠠᠯᠵᠢᠶᠠᠨ ᠤ ᠬᠡᠮᠵᠢᠶ᠎ᠡ 68.6 ᠲᠦᠮᠡᠨ ᠲᠣᠯᠣᠭᠠᠢ ᠳᠤ ᠬᠦᠷᠴᠦ᠂ ᠠᠷᠠᠯᠵᠢᠶᠠᠨ ᠤ ᠲᠤᠭ᠎ᠠ 19 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ ︾ ᠬᠡᠵᠤ ᠬᠤᠩ ᠠᠨ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠣ ᠯᠧᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号