ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/25
   1 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠪᠦᠦ ᠬᠦᠭᠵᠢᠯᠲᠦ᠂ ᠴᠡᠩᠭᠡᠯᠳᠦ᠂ ᠲᠦᠩ ᠬᠤᠩ ᠶᠠᠨ ᠨᠠᠷ ᠬᠤᠷᠠᠯ ᠳᠤ ᠣᠷᠣᠯᠴᠠᠵᠤ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢ᠊ ᠡᠶ᠎ᠡ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠮᠠᠨᠳᠤᠯ ᠬᠤᠷᠠᠯ ᠢ ᠡᠷᠬᠢᠯᠡᠪᠡ᠃    ᠪᠦᠭᠦᠳᠡ ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠭᠦᠳᠡ ᠬᠤᠷᠠᠯ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠢᠯ ᠢᠶᠠᠨ ᠳ᠋ᠦᠩᠨᠡᠵᠦ᠂ ᠪᠠᠶᠢᠳᠠᠯ ᠢ ᠵᠠᠳᠠᠯᠵᠤ᠂ ᠡᠭᠦᠷᠭᠡ ᠪᠠᠨ ᠪᠠᠶᠢᠷᠢᠯᠠᠭᠤᠯᠵᠠᠢ᠃     ᠬᠤᠷᠠᠯ ᠠᠴᠠ᠂ ᠤᠯᠤᠰ ᠲᠥᠷᠥ ᠶᠢᠨ ᠬᠢᠨᠠᠯᠲᠠ ᠶᠢ ᠭᠦᠨᠵᠡᠭᠡᠢ ᠰᠦᠪᠡᠭᠴᠢᠯᠡᠨ ᠪᠣᠳᠠᠲᠠᠶᠢᠵᠢᠭᠤᠯᠵᠤ᠂ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠱᠠᠭᠠᠷᠳᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠰᠠᠨᠠᠭᠠᠴᠢᠯᠠᠭ᠎ᠠ ᠠᠴᠠ ᠪᠠᠨ ᠭᠤᠣᠯ ᠶᠡᠭᠡ ᠲᠠᠯ᠎ᠠ ᠳᠤ ᠦᠢᠯᠡᠴᠢᠯᠡᠵᠦ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ︽ᠲᠠᠪᠤᠨ ᠨᠢᠭᠡᠳᠦᠭᠡᠷ︾ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠠᠵᠢᠯ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ᠂ ︽ᠲᠦᠷᠪᠡᠨ ᠰᠤᠷᠲᠠᠯ︾ ᠤᠨ ᠠᠷᠬᠠᠭ ᠭᠡᠮ ᠢ ᠵᠠᠯᠠᠷᠠᠭᠤᠯᠤᠨ ᠵᠠᠰᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠢᠯᠵᠠᠷᠠᠯ ᠤᠨ ᠪᠤᠢ ᠪᠣᠯᠤᠭᠰᠠᠨ ᠬᠥᠷᠥᠰᠥ ᠰᠢᠷᠣᠢ ᠪᠣᠯᠤᠨ ᠨᠥᠬᠦᠴᠡᠯ ᠢ ᠡᠷᠡᠰ ᠠᠷᠢᠯᠭᠠᠬᠤ ᠬᠡᠷᠡᠭᠲᠡᠢ᠃ ᠰᠢᠰᠲ᠋ᠧᠮ ᠲᠠᠢ ᠪᠠᠷ ᠵᠠᠰᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠨᠡᠩ ᠲᠤᠭ ᠲᠡᠮᠳᠡᠭ ᠲᠣᠳᠣᠷᠬᠠᠢ ᠪᠠᠷ ︽ᠴᠢᠩᠭ᠎ᠠ︾ ᠪᠠᠶᠢᠬᠤ ᠭᠤᠣᠯ ᠬᠥᠭ ᠠᠶᠠᠰ ᠢ ᠤᠷᠲᠤ ᠬᠤᠭᠤᠴᠠᠭ᠎ᠠ ᠪᠠᠷ ᠪᠠᠲᠤᠯᠠᠵᠤ᠂ ᠢᠯᠵᠢᠷᠡᠯ ᠢ ᠡᠰᠡᠷᠭᠦᠴᠡᠬᠦ ᠬᠤᠷᠴᠠ ᠰᠡᠯᠡᠮ᠎ᠡ ᠶᠢ ᠥᠨᠳᠥᠷ ᠡᠯᠭᠦᠵᠦ᠂ ᠳᠦᠷᠢᠮ ᠢ ᠨᠢᠭᠲᠠ ᠰᠦᠯᠵᠢᠵᠦ᠂ ᠠᠷᠢᠭᠤᠨ ᠴᠢᠬᠡᠴᠢ ᠬᠥᠷᠥᠰᠥ ᠰᠢᠷᠣᠢ ᠶᠢ ᠵᠤᠵᠠᠭᠠᠳᠬᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠣᠳᠣᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠲᠡᠮᠦᠷ ᠳᠠᠪᠲᠠᠬᠤ ᠳᠤ ᠡᠷᠬᠡᠪᠰᠢ ᠥᠪᠡᠷ ᠢᠶᠠᠨ ᠬᠠᠲᠠᠭᠤ ᠪᠠᠶᠢᠬᠤ ᠳᠡᠭᠡᠳᠦ ᠬᠡᠮᠵᠢᠶᠡᠨ ᠤ ᠤᠬᠠᠮᠰᠠᠷ ᠢ ᠢᠮᠠᠭᠲᠠ ᠪᠠᠷᠢᠮᠲᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠳᠦᠷᠢᠮᠵᠢᠭᠰᠡᠨ ᠬᠠᠤᠯᠢᠵᠢᠯᠲᠠ ᠶᠢᠨ ᠵᠢᠩᠬᠢᠨᠢᠴᠢᠯᠡᠬᠦ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠴᠢᠳᠠᠮᠠᠭᠠᠢ ᠲᠡᠮᠡᠴᠡᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠬᠦᠴᠦᠯᠡᠨ ᠪᠠᠶᠢᠭᠤᠯᠬᠤ ᠬᠡᠷᠡᠭᠲᠡᠢ᠃ ᠮᠠᠨᠳᠤᠯ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢ᠊ ᠡᠶ᠎ᠡ ᠶᠢ ᠲᠥᠯᠥᠭᠡᠯᠡᠨ ︽ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号