ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2025/1/25
   1 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠦᠦ ᠬᠦᠭᠵᠢᠯᠲᠦ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠭᠦᠨᠵᠡᠭᠡᠶᠢᠷᠡᠨ᠂ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ᠃ ᠪᠣᠣ ᠬᠦᠭᠵᠢᠯᠳᠦ ᠤᠷᠢᠳ ᠬᠤᠵᠢᠳ ᠲᠣᠰᠣ ᠨᠡᠮᠡᠬᠦ ᠥᠷᠲᠡᠭᠡ᠂ ᠬᠡᠲᠦ ᠳᠡᠯᠭᠡᠭᠦᠷ᠂ ᠬᠤᠸᠠᠷ ᠫᠤᠤᠵᠢᠩ ᠪᠣᠷᠣᠯᠠᠭᠤᠯᠬᠤ ᠭᠠᠵᠠᠷ ᠲᠤ ᠬᠦᠷᠴᠦ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠡᠢ᠃ ᠬᠦᠷᠦᠭᠰᠡᠨ ᠭᠠᠵᠠᠷ ᠪᠣᠯᠭᠠᠨ ᠳᠤ ᠲᠡᠷᠡ ᠬᠠᠮᠢᠶᠠᠷᠤᠯᠲᠠ ᠡᠵᠡᠩᠨᠡᠯᠲᠡ ᠶᠢᠨ ᠪᠠᠶᠢᠳᠠᠯ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃    ᠪᠦᠦ ᠬᠥᠭᠵᠢᠯᠲᠦ᠂ ᠡᠯ᠎ᠡ ᠠᠵᠤ ᠠᠬᠤᠶᠢᠯᠠᠯ ᠤᠨ ᠬᠢᠨ ᠠᠮᠤᠷ ᠲᠦᠪᠰᠢᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠵᠡᠷᠭᠡ ᠠᠮᠤᠷ ᠲᠦᠪᠰᠢᠨ ᠤ ᠬᠦᠷᠢᠶᠡᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠠᠯ ᠭᠠᠷᠬᠤ ᠶᠢ ᠡᠷᠡᠰ ᠬᠤᠷᠢᠭᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠᠨ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠢ ᠬᠠᠮᠠᠭᠠᠯᠠᠬᠤ ᠬᠡᠷᠡᠭᠲᠡᠢ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠡ ᠠᠮᠤᠷ ᠲᠦᠪᠰᠢᠨ ᠤ ᠪᠠᠶᠢᠴᠠᠭᠠᠯᠲᠠ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号