ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠣᠢ ᠪᠣᠯᠭᠠᠵᠤ᠂ ᠤᠯᠠᠮᠵᠢᠯᠠᠯᠲᠤ ᠰᠣᠶᠣᠯ ᠢ | ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠭᠤᠣᠯ ᠤᠨ ᠪᠠᠶᠢᠰᠢᠩ ᠪᠠᠯᠭᠠᠰᠤ ︽ᠤᠮᠠᠷᠠᠲᠤ ᠬᠢᠯᠢ ᠶᠢ ᠦᠵᠡᠵᠦ᠂ | ᠪᠢᠴᠢᠭ ᠤᠨ ᠰᠤᠷᠪᠤᠯᠵᠢᠲᠤ ᠲᠠᠨ ᠢ ᠬᠠᠮᠲᠤ ᠰᠢᠨᠡᠯᠡᠬᠦ︾ ᠪᠦᠬᠦ ᠠᠷᠠᠳ ᠤᠨ ᠤᠩᠰᠢᠯᠭ᠎ᠠ ᠶᠢᠨ ᠭᠤᠣᠯ ᠰᠡᠳᠦᠪᠲᠦ | ᠠᠵᠢᠯᠯᠠᠭ᠎ᠠ ᠶᠢ ᠥᠷᠨᠢᠭᠦᠯᠵᠦ᠂ ᠨᠣᠮ ᠤᠨ ᠦᠨᠦᠷ ᠢᠶᠠᠷ ᠰᠢᠨ᠎ᠡ ᠵᠢᠯ ᠳᠤ ᠭᠦᠨ ᠵᠤᠵᠠᠭᠠᠨ ᠰᠣᠶᠣᠯ ᠤᠨ ᠬᠥᠭ | ᠠᠶᠠᠰ ᠢ ᠨᠡᠮᠡᠷᠢᠯᠡᠵᠡᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠦᠬᠦ ᠠᠷᠠᠳ ᠤᠨ ᠤᠩᠰᠢᠯᠭ᠎ᠠ ᠶᠢᠨ ᠠᠭᠤᠷ | ᠠᠮᠢᠰᠬᠤᠯ ᠬᠥᠷ ᠬᠥᠭᠵᠢᠶᠡᠨ ᠲᠠᠢ ᠪᠥᠭᠡᠳ ᠭᠦᠨ ᠵᠤᠵᠠᠭᠠᠨ ᠪᠠᠶᠢᠯ᠎ᠠ᠃ ᠨᠣᠮ ᠤᠨ ᠥᠷᠥᠭᠡ ᠶᠢᠨ ᠬᠠᠮᠢᠶᠠᠷᠤᠭᠴᠢ | ᠤᠯᠠᠮᠵᠢᠯᠠᠯᠲᠤ ᠰᠣᠶᠣᠯ ᠲᠠᠢ ᠤᠶᠠᠯᠳᠤᠭᠤᠯᠤᠨ᠂ ᠴᠠᠭᠠᠨ ᠰᠠᠷ᠎ᠠ ᠶᠢᠨ ᠬᠠᠮᠢᠶ᠎ᠠ ᠪᠦᠬᠦᠢ ᠵᠠᠩ ᠳᠠᠳᠬᠠᠯ ᠢ ᠭᠦᠨᠵᠡᠭᠡᠢ | ᠪᠥᠭᠡᠳ ᠣᠶᠢᠯᠠᠭᠠᠮᠵᠢᠲᠠᠢ ᠲᠠᠶᠢᠯᠪᠤᠷᠢᠯᠠᠭᠰᠠᠨ ᠪᠥᠭᠡᠳ ︽ᠣᠨ ᠤ ᠦᠨᠦᠷ ᠠᠮᠲᠠ︾᠂ ︽ᠪᠣᠳᠠᠰ ᠤᠨ ᠪᠤᠰᠤ | ᠰᠣᠶᠣᠯ ᠤᠨ ᠥᠪ ᠤᠨ ᠳᠣᠲᠣᠷᠠᠬᠢ ᠳᠤᠮᠳᠠᠳᠤ ᠤᠯᠤᠰ︾ ᠵᠡᠷᠭᠡ ᠠᠷᠠᠳ ᠤᠨ ᠵᠠᠩ ᠦᠢᠯᠡ ᠶᠢᠨ ᠰᠣᠶᠣᠯ ᠤᠨ | ᠰᠣᠩᠭᠤᠳᠠᠭ ᠪᠦᠲᠦᠭᠡᠯ ᠢ ᠬᠤᠪᠢᠶᠠᠯᠴᠠᠵᠤ᠂ ᠺᠠᠳ᠋ᠷ ᠠᠵᠢᠯᠲᠠᠨ ᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ | ᠵᠢᠯ ᠤᠨ ᠰᠣᠶᠣᠯ ᠤᠨ ᠭᠦᠨ ᠠᠭᠤᠯᠬᠤᠨ ᠢ ᠣᠶᠢᠯᠠᠭᠠᠭᠤᠯᠵᠤ᠂ ᠨᠣᠮ ᠪᠢᠴᠢᠭ ᠲᠠᠬᠢ ᠣᠨ ᠤ ᠦᠨᠦᠷ ᠪᠠ ᠬᠠᠶᠢᠷ᠎ᠠ | ᠰᠡᠳᠬᠢᠯᠭᠡ ᠶᠢ ᠣᠶᠢᠯᠠᠭᠠᠭᠤᠯᠵᠤ᠂ ᠨᠡᠩ ᠣᠯᠠᠨ ᠣᠯᠠᠨ ᠲᠦᠮᠡᠨ ᠢ ᠳᠠᠭᠠᠭᠤᠯᠤᠨ ᠭᠡᠷ ᠤᠨ ᠡᠭᠦᠳᠡᠨ ᠳᠠᠬᠢ ᠨᠣᠮ ᠤᠨ | ᠦᠨᠦᠷ ᠠᠮᠲᠠ ᠶᠢ ᠨᠢ ᠤᠩᠰᠢᠭᠤᠯᠵᠤ᠂ ᠨᠣᠮ ᠤᠩᠰᠢᠬᠤ ᠳᠤᠷᠠᠲᠠᠢ ᠪᠣᠯᠭᠠᠵᠤ᠂ ᠨᠣᠮ ᠤᠩᠰᠢᠬᠤ ᠶᠢ ᠡᠳ᠋ᠯᠡᠭᠦᠯᠪᠡ᠃ | ᠲᠤᠰ ᠤᠳᠠᠭᠠᠨ ᠤ ᠠᠵᠢᠯᠯᠠᠭ᠎ᠠ ᠨᠢ ᠵᠠᠯᠠᠭᠤ ᠺᠠᠳ᠋ᠷ ᠠᠵᠢᠯᠲᠠᠳ ᠲᠤ ᠴᠠᠭᠠᠨ ᠰᠠᠷ᠎ᠠ ᠶᠢᠨ ᠠᠷᠠᠳ ᠤᠨ ᠵᠠᠩ | ᠦᠢᠯᠡ ᠶᠢᠨ ᠠᠷᠤ ᠳᠠᠬᠢ ᠦᠯᠢᠭᠡᠷ ᠢ ᠭᠦᠨᠵᠡᠭᠡᠢ ᠣᠶᠢᠯᠠᠭᠠᠭᠤᠯᠵᠤ᠂ ᠤᠯᠠᠮᠵᠢᠯᠠᠯᠲᠤ ᠰᠣᠶᠣᠯ ᠢ ᠤᠯᠠᠮ ᠨᠢᠭᠡ | ᠠᠯᠬᠤᠮ ᠪᠠᠳᠠᠷᠠᠭᠤᠯᠪᠠ᠃ ᠳᠠᠷᠠᠭᠠᠴᠢ ᠶᠢᠨ ᠠᠯᠬᠤᠮ ᠳᠤ᠂ ᠭᠤᠣᠯ ᠤᠨ ᠪᠠᠶᠢᠰᠢᠩ ᠪᠠᠯᠭᠠᠰᠤ ᠪᠦᠲᠦᠴᠡ ᠶᠢᠨ ᠤᠯᠠᠨ | ᠡᠰᠢᠵᠢᠯᠲᠡ᠂ ᠬᠡᠯᠪᠡᠷᠢ ᠶᠢᠨ ᠣᠯᠠᠨ ᠶᠠᠩᠵᠤ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠩᠰᠢᠯᠭ᠎ᠠ ᠪᠠᠷ | ᠴᠠᠭ ᠦᠶ᠎ᠡ ᠶᠢᠨ ᠤᠷᠤᠰᠬᠠᠯ ᠢ ᠬᠥᠲᠥᠯᠥᠨ ᠳᠠᠭᠠᠭᠤᠯᠵᠤ᠂ ᠨᠣᠮ ᠤᠨ ᠬᠦᠵᠢ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ |