ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠠᠶᠤᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠢ ᠤᠯᠠᠮ | ᠨᠢᠭᠡ ᠠᠯᠬᠤᠮ ᠴᠢᠩᠭᠠᠷᠠᠭᠤᠯᠵᠤ᠂ ᠵᠢᠯ ᠤᠨ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ | ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ | ᠰᠢᠨᠠᠵᠠᠮ ᠰᠤᠮᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠲᠤᠰᠬᠠᠢ | ᠠᠵᠢᠯᠯᠠᠭ᠎ᠠ ᠥᠷᠨᠢᠭᠦᠯᠪᠡ᠃ ᠪᠠᠶᠢᠴᠠᠭᠠᠬᠤ ᠳᠤᠭᠤᠶᠢᠯᠠᠩ ᠤᠨ ᠬᠢᠨ ᠬᠤᠳᠠᠯᠳᠤᠭᠠᠨ ᠤ ᠫᠦᠰᠡ᠂ ᠵᠣᠴᠢᠳ ᠤᠨ | ᠪᠠᠭᠤᠳᠠᠯ᠂ ᠲᠣᠰᠣ ᠨᠡᠮᠡᠬᠦ ᠥᠷᠲᠡᠭᠡ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ | ᠣᠷᠣᠭᠤᠯᠬᠤ ᠲᠥᠷᠥᠯ ᠵᠦᠢᠯ ᠤᠨ ᠬᠡᠯᠲᠡᠰ ᠵᠡᠷᠭᠡ ᠠᠵᠢᠯ ᠲᠥᠷᠥᠯ ᠤᠨ ᠬᠦᠷᠢᠶᠡᠨ ᠳᠤ ᠭᠦᠨᠵᠡᠭᠡᠶᠢᠷᠡᠵᠦ᠂ | ᠢᠳᠡᠭᠡᠨ ᠤ ᠠᠮᠤᠷ ᠲᠦᠪᠰᠢᠨ᠂ ᠭᠠᠯ ᠴᠠᠬᠢᠯᠭᠠᠨ ᠬᠡᠷᠡᠭᠯᠡᠬᠦ᠂ ᠭᠠᠯ ᠤᠨᠲᠠᠷᠠᠭᠠᠬᠤ ᠵᠡᠷᠭᠡ ᠲᠠᠯ᠎ᠠ ᠪᠠᠷ ᠪᠠᠶᠢᠴᠠᠭᠠᠯᠲᠠ | ᠬᠢᠬᠦ ᠶᠢᠨ ᠬᠠᠮᠲᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠵᠠᠷᠯᠢᠭᠳᠠᠵᠤ ᠪᠠᠶᠢᠭᠠᠳ | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠪᠠ᠃ ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠨᠢ | ᠬᠤᠳᠠᠯᠳᠤᠭᠠᠴᠢᠨ ᠡᠷᠦᠬᠡ᠂ ᠲᠥᠷᠥᠯ ᠵᠦᠢᠯ ᠤᠨ ᠬᠡᠯᠲᠡᠰ ᠤᠨ ᠬᠠᠷᠢᠭᠤᠴᠠᠯᠭᠠᠲᠠᠨ ᠳᠤ ᠭᠠᠯ ᠤᠨᠲᠠᠷᠠᠭᠠᠬᠤ ᠠᠮᠤᠷ | ᠲᠦᠪᠰᠢᠨ᠂ ᠠᠮᠤᠷ ᠲᠦᠪᠰᠢᠨ ᠤ ᠪᠠᠶᠢᠭᠤᠯᠤᠯᠲᠠ᠂ ᠪᠣᠯᠪᠠᠰᠤᠨ ᠵᠠᠮ ᠬᠠᠷᠢᠯᠴᠠᠭ᠎ᠠ᠂ ᠢᠳᠡᠭᠡᠨ ᠤ ᠠᠮᠤᠷ ᠲᠦᠪᠰᠢᠨ | ᠵᠡᠷᠭᠡ ᠲᠠᠯ᠎ᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ | ᠢᠳᠡᠪᠬᠢᠲᠡᠢ ᠪᠠᠷ ᠬᠥᠲᠥᠯᠥᠨ ᠵᠢᠯᠣᠭᠤᠳᠴᠤ ᠪᠠᠶᠢᠭᠠᠳ ᠠᠮᠤᠷ ᠲᠦᠪᠰᠢᠨ ᠤ ᠦᠵᠡᠯ ᠤᠬᠠᠮᠰᠠᠷ ᠢ ᠨᠢ ᠦᠨᠡᠨᠬᠦ | ᠴᠢᠩᠭᠠᠷᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠤᠨ ᠠᠮᠤᠷ ᠲᠦᠪᠰᠢᠨ ᠢᠶᠠᠷ ᠠᠵᠢᠯᠯᠠᠬᠤ ᠶᠢ | ᠦᠨᠡᠨᠬᠦ ᠪᠠᠲᠤᠯᠠᠪᠠ᠃ | ᠳᠠᠷᠠᠭᠠᠴᠢ ᠶᠢᠨ ᠠᠯᠬᠤᠮ ᠳᠤ᠂ ᠰᠢᠨᠠᠵᠠᠮ ᠰᠤᠮᠤ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ | ᠢᠮᠠᠭᠲᠠ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠲᠦᠢᠯᠪᠤᠷᠢᠲᠠᠢ ᠬᠢᠵᠦ | ᠂ ᠬᠠᠷᠢᠭᠤᠴᠠᠯᠭ᠎ᠠ ᠶᠢ ᠳᠠᠬᠢᠨ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠴᠠᠭᠠᠨ ᠰᠠᠷ᠎ᠠ ᠶᠢ ᠪᠠᠶᠠᠷ ᠬᠦᠷ ᠲᠠᠢ | ᠥᠯᠵᠡᠢ ᠪᠡᠯᠭᠡ ᠲᠠᠢ ᠥᠩᠭᠡᠷᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠤᠨ᠎ᠠ᠃ | |