ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠺᠠᠸᠢᠯᠱᠸᠧᠯᠢ ᠶᠢᠨ ᠭᠷᠦ᠋ᠽᠢᠶᠠ ᠶᠢᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2025/1/5
   ᠣᠶᠢᠷ᠎ᠠ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠸᠢᠯᠱᠸᠧᠯᠢ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠭᠷᠦ᠋ᠽᠢᠶᠠ ᠶᠢᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃   ᠰᠢ ᠶᠢᠨ ᠫᠢᠩ᠂ ᠣᠳᠣᠬᠠᠨ ᠳᠤ ᠳᠤᠮᠳᠠᠳᠤ ᠭᠷᠦ᠋ᠽᠢᠶᠠ ᠶᠢᠨ ᠪᠠᠶᠢᠯᠳᠤᠬᠤ ᠪᠤᠲᠤᠯᠭ᠎ᠠ ᠶᠢᠨ ᠬᠠᠨᠢᠲᠠᠨ ᠤ ᠬᠠᠷᠢᠯᠴᠠᠭ᠎ᠠ ᠢᠳᠡᠪᠬᠢᠲᠡᠢ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ ᠪᠠᠶᠢᠨ᠎ᠠ᠃ ᠬᠤᠶᠠᠷ ᠲᠠᠯ᠎ᠠ ᠶᠢᠨ ᠤᠯᠤᠰ ᠲᠥᠷᠥ ᠶᠢᠨ ᠢᠲᠡᠭᠡᠯᠴᠡᠭᠡ ᠦᠷᠭᠦᠯᠵᠢᠯᠡᠨ ᠪᠠᠬᠢᠵᠢᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠣᠯᠠᠨ ᠤᠯᠤᠰ ᠤᠨ ᠬᠠᠮᠵᠢᠯᠴᠠᠭ᠎ᠠ ᠡᠯᠪᠡᠭ ᠦᠷ᠎ᠡ ᠪᠦᠲᠦᠮᠵᠢ ᠤᠯᠪᠠ᠃    ᠪᠢ ᠳᠤᠮᠳᠠᠳᠤ ᠭᠷᠦ᠋ᠽᠢᠶᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠦᠷᠭᠦᠯᠵᠢᠯᠡᠭᠦᠯᠵᠦ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠭᠷᠦ᠋ᠽᠢᠶᠠ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 3 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号