ᠲᠥᠪ ᠤᠨ ᠵᠣᠬᠢᠶᠠᠨ ᠪᠠᠶᠢᠭᠤᠯᠬᠤ ᠬᠡᠯᠲᠡᠰ ᠨᠠᠮ ᠤᠨ ᠰᠦᠢᠳᠬᠡᠯ ᠠᠴᠠ 3.84 ᠳ᠋ᠦᠩᠰᠢᠭᠤᠷ ᠲᠥᠭᠦᠷᠢᠭ ᠰᠢᠯᠵᠢᠭᠦᠯᠦᠨ ᠦᠭᠴᠦ ᠡᠷᠬᠢᠨ ᠦᠵᠡᠵᠦ ᠲᠣᠬᠤᠨᠢᠭᠤᠯᠬᠤ ᠳᠤ ᠬᠡᠷᠡᠭᠯᠡᠬᠦ ᠪᠠᠷ ᠪᠤᠯᠪᠠ
ᠨᠡᠶᠢᠲᠡᠯᠡᠭᠰᠡᠨ ᠴᠠᠭ᠄
2025/1/6
   ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠬᠠᠶᠢᠷ᠎ᠠ ᠬᠠᠯᠠᠮᠵᠢ ᠪᠤᠯᠤᠨ ᠬᠠᠯᠠᠭᠤᠨ ᠳᠤᠯᠠᠭᠠᠨ ᠢ ᠭᠦᠢᠴᠡᠳ ᠢᠯᠡᠷᠡᠭᠦᠯᠬᠦ ᠶᠢᠨ ᠲᠥᠯᠥᠭᠡ᠂ ᠲᠦᠷᠦᠭᠦᠬᠡᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠲᠥᠪ ᠬᠤᠷᠢᠶ᠎ᠠ ᠶᠢ ᠣᠷᠣᠯᠠᠨ ᠬᠠᠮᠢᠶᠠᠷᠴᠤ ᠪᠠᠶᠢᠭ᠎ᠠ ᠨᠠᠮ ᠤᠨ ᠰᠦᠢᠳᠬᠡᠯ ᠠᠴᠠ 3.84 ᠳ᠋ᠦᠩᠰᠢᠭᠤᠷ ᠲᠥᠭᠦᠷᠢᠭ ᠰᠢᠯᠵᠢᠭᠦᠯᠦᠨ ᠥᠭᠴᠦ᠂ 2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠡᠷᠭᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠬᠦ ᠳᠤ ᠬᠡᠷᠡᠭᠯᠡᠬᠦ ᠪᠠᠷ ᠪᠤᠯᠪᠠ᠃   ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ᠂ ᠡᠷᠬᠢᠨ ᠦᠵᠡᠵᠦ ᠲᠣᠬᠤᠨᠢᠭᠤᠯᠬᠤ ᠡᠲᠡᠭᠡᠳ ᠪᠣᠯ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ ᠪᠣᠯᠣᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠠᠴᠠ ᠡᠮᠦᠨ᠎ᠡ ᠨᠠᠮ ᠳᠤ ᠣᠷᠣᠭᠰᠠᠨ ᠠᠬᠠᠮᠠᠳ ᠨᠠᠮ ᠤᠨ ᠭᠡᠰᠢᠭᠦᠨ ᠢ ᠨᠡᠶᠢᠳᠡᠮ ᠳ᠋ᠦᠨᠢ ᠡᠷᠬᠢᠨ ᠦᠵᠡᠵᠦ ᠲᠣᠬᠤᠨᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠺᠠᠳ᠋ᠷ ᠣᠨᠴᠠᠭᠠᠶᠢᠯᠠᠨ ᠨᠥᠬᠦᠴᠡᠯ ᠬᠠᠲᠠᠭᠤᠵᠢᠯᠲᠠᠢ ᠭᠠᠵᠠᠷ ᠣᠷᠣᠨ ᠪᠣᠯᠣᠨ ᠪᠠᠴᠢᠮ ᠬᠦᠴᠢᠷ ᠠᠶᠤᠯ ᠲᠠᠢ ᠬᠦᠨᠳᠦ ᠡᠭᠦᠷᠭᠡ ᠪᠦᠬᠦᠢ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠨᠥᠬᠦᠳ ᠢ ᠬᠠᠯᠠᠮᠵᠢᠯᠠᠨ ᠬᠠᠶᠢᠷᠠᠯᠠᠬᠤ ᠬᠡᠷᠡᠭᠲᠡᠢ᠃ ︽ᠪᠥᠬᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾᠂ ︽7 · 1 ᠤ ᠭᠠᠪᠢᠶᠠᠨ ᠲᠡᠮᠳᠡᠭ︾᠂ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠴᠢ ᠪᠠ ᠪᠥᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠪᠥᠬᠦ ᠤᠯᠤᠰ ᠤᠨ ᠰᠢᠯᠢᠳᠡᠭ ᠨᠠᠮ ᠤᠨ ᠠᠵᠢᠯᠲᠠᠨ ᠤ ᠬᠤᠯᠪᠣᠭᠳᠠᠯ ᠪᠦᠬᠦᠢ ᠬᠠᠷᠠᠭᠠᠯᠵᠠᠯ ᠢ ᠨᠠᠶᠢᠳᠠᠪᠤᠷᠢᠵᠢᠭᠤᠯᠬᠤ ᠪᠠ ᠡᠷᠬᠢᠨ ᠦᠵᠡᠵᠦ ᠲᠣᠬᠤᠨᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠺᠠᠳ᠋ᠷ ᠤᠨ ᠭᠡᠷ ᠪᠦᠯᠢ ᠶᠢ ᠡᠷᠬᠢᠨ ᠦᠵᠡᠵᠦ ᠲᠣᠬᠤᠨᠢᠭᠤᠯᠬᠤ᠂ ᠬᠠᠷᠠᠭᠠᠯᠵᠠᠵᠤ ᠠᠪᠤᠷᠠᠨ ᠲᠤᠰᠠᠯᠠᠬᠤ ᠪᠠ ᠣᠷᠳᠣ ᠬᠤᠭᠤᠴᠠᠭ᠎ᠠ ᠪᠠᠷ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠡᠷᠬᠢᠨ ᠦᠵᠡᠵᠦ ᠲᠣᠬᠤᠨᠢᠭᠤᠯᠬᠤ ᠬᠦᠷᠢᠶ᠎ᠡ ᠬᠡᠪᠴᠢᠶ᠎ᠡ ᠶᠢ ᠵᠣᠬᠢᠰᠲᠠᠢ ᠥᠷᠭᠡᠳᠬᠡᠵᠦ᠂ ᠬᠡᠪ ᠶᠤᠰᠤᠭᠠᠷ ᠲᠤᠰᠢᠶᠠᠯ ᠠᠴᠠ ᠪᠠᠨ ᠰᠠᠯᠤᠭᠰᠠᠨ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠵᠥᠪᠯᠡᠯ ᠤᠨ ᠡᠷᠬᠢᠯᠡᠭᠴᠢ ᠵᠢᠴᠢ ᠡᠪᠡᠳᠴᠢᠨ ᠠᠴᠠ ᠪᠣᠯᠵᠤ ᠶᠠᠳᠠᠭᠤᠷᠠᠭᠰᠠᠨ ᠣᠨᠴᠠ ᠬᠦᠴᠢᠷᠳᠡᠯᠲᠡᠢ ᠣᠯᠠᠨ ᠲᠦᠮᠡᠨ ᠵᠡᠷᠭᠡ ᠶᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠰᠢᠨ᠎ᠡ ᠪᠠᠷ ᠠᠵᠢᠯ ᠣᠯᠣᠭᠰᠠᠨ ᠬᠥᠮᠥᠰ ᠤᠨ ᠳᠣᠲᠣᠷᠠᠬᠢ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ᠂ ᠦᠨᠡᠨ ᠬᠦ ᠬᠦᠴᠢᠷᠳᠡᠯᠲᠡᠢ ᠦᠨᠳᠦᠰᠦᠨ ᠱᠠᠲᠤᠨ ᠤ ᠨᠠᠮ ᠤᠨ ᠠᠵᠢᠯᠲᠠᠨ ᠢ ᠡᠷᠬᠢᠨ ᠦᠵᠡᠵᠦ ᠲᠣᠬᠤᠨᠢᠭᠤᠯᠵᠤ ᠪᠣᠯᠣᠨ᠎ᠠ ᠭᠡᠵᠦ ᠳᠤᠷᠠᠳᠪᠠ᠃   ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠲᠣᠬᠢᠷᠠᠭᠤᠯᠵᠤ᠂ ᠰᠡᠳᠬᠢᠯ ᠲᠠᠯᠪᠢᠨ ᠦᠨᠡᠨ ᠰᠡᠳᠬᠢᠯ ᠠᠴᠠ ᠪᠠᠨ ᠠᠵᠢᠯᠯᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠡᠷᠬᠢᠨ ᠦᠵᠡᠵᠦ ᠲᠣᠬᠤᠨᠢᠭᠤᠯᠵᠤ᠂ ᠴᠢᠭᠯᠡᠭᠦᠯᠦᠯᠲᠦ ᠴᠢᠨᠠᠷᠲᠠᠢ ᠪᠠᠷ ᠪᠣᠳᠠᠲᠠᠢ ᠬᠦᠴᠢᠷᠳᠡᠯ ᠢ ᠨᠢ ᠬᠠᠪᠰᠤᠷᠤᠨ ᠰᠶᠢᠳᠪᠦᠷᠢᠯᠡᠵᠦ᠂ ᠨᠠᠮ ᠤᠨ ᠬᠠᠶᠢᠷ᠎ᠠ ᠬᠠᠯᠠᠮᠵᠢ ᠶᠢ ᠬᠦᠴᠢᠷᠳᠡᠯᠲᠡᠢ ᠨᠠᠮ ᠤᠨ ᠭᠡᠰᠢᠭᠦᠨ᠂ ᠤᠯᠠᠨ ᠲᠦᠮᠡᠨ ᠤ ᠰᠡᠳᠬᠢᠯ ᠳᠤ ᠬᠦᠷᠭᠡᠵᠦ᠂ ︽ᠨᠢᠭᠡ ᠬᠥᠮᠥᠨ ᠢ ᠲᠣᠬᠤᠨᠢᠭᠤᠯᠪᠠᠯ ᠨᠢᠭᠡ ᠡᠷᠦᠬᠡ ᠶᠢ ᠳᠤᠯᠠᠭᠠᠴᠠᠭᠤᠯᠵᠤ᠂ ᠨᠢᠭᠡ ᠤᠷᠤᠨ ᠪᠦᠰᠡ ᠶᠢ ᠳ᠋ᠠᠶᠢᠴᠢᠯᠠᠬᠤ ︾ ᠰᠠᠶᠢᠨ ᠦᠷ᠎ᠡ ᠪᠦᠲᠦᠮᠵᠢ ᠶᠢ ᠴᠢᠷᠮᠠᠶᠢᠨ ᠣᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠳ ᠢᠵᠢ ᠪᠦᠷᠢᠳᠦᠭᠰᠡᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ᠂ ᠨᠠᠷᠢᠨ ᠨᠢᠭᠲᠠ ᠲᠥᠯᠥᠪᠯᠡᠨ ᠪᠣᠳᠣᠬᠤ ᠶᠢ ᠪᠠᠷᠢᠮᠲᠠᠯᠠᠵᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠤᠰᠬᠠᠢ ᠵᠣᠭᠤᠰ ᠢ ᠲᠤᠰᠬᠠᠢ ᠵᠦᠢᠯ ᠳ᠋ᠦᠨᠢ ᠬᠡᠷᠡᠭᠯᠡᠬᠦ ᠶᠢ ᠪᠡᠶᠡᠯᠡᠭᠦᠯᠵᠦ᠂ ᠴᠠᠭᠠᠨ ᠰᠠᠷ᠎ᠠ ᠠᠴᠠ ᠡᠮᠦᠨ᠎ᠡ ᠲᠣᠬᠤᠨᠢᠭᠤᠯᠬᠤ ᠡᠲᠡᠭᠡᠳ ᠲᠤ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 3 ᠤ ᠴᠠᠬᠢᠯᠭᠠᠨ ᠮᠡᠳᠡᠭᠡ︶   
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号