ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 95 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/7
   1 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 95 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠤᠯᠪᠣᠭᠳᠠᠯ ᠪᠦᠬᠦᠢ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠰᠢᠰᠲ᠋ᠧᠮᠲᠦ ᠦᠵᠡᠯᠲᠡ ᠪᠣᠯᠤᠨ ᠪᠦᠬᠦ ᠲᠠᠯ᠎ᠠ ᠶᠢᠨ ᠬᠠᠷᠠᠴᠠ ᠪᠠᠷ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠲᠥᠯᠥᠪᠵᠢᠭᠦᠯᠦᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠠᠮᠤ ᠪᠤᠳᠠᠭ᠎ᠠ ᠪᠣᠯᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠦᠷᠭᠦᠯᠵᠢᠯᠡᠨ ᠬᠥᠭᠵᠢᠬᠦ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠯ ᠢ ᠶᠡᠷᠦᠩᠬᠡᠶᠢᠯᠡᠨ ᠪᠠᠳᠠᠷᠠᠭᠤᠯᠵᠤ᠂ ᠤᠷᠮᠠᠰᠢᠭᠤᠯᠬᠤ ᠦᠢᠯᠡᠳᠦᠯ ᠢ ᠪᠠᠲᠤᠯᠠᠬᠤ ᠬᠡᠷᠡᠭᠲᠡᠢ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠢᠩᠭᠠᠨ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 2025 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠣᠨᠢᠨ ᠳᠡᠭᠡᠷ᠎ᠡ ᠨᠢ ᠲᠥᠯᠥᠪᠵᠢᠭᠦᠯᠬᠦ ᠬᠡᠷᠡᠭᠲᠡᠢ᠃ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ︽ᠲᠠᠪᠤᠨ ᠨᠢᠭᠡᠳᠦᠭᠡᠷ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠡᠭᠦᠷᠭᠡ ᠶᠢᠨ ᠨᠠᠷᠢᠨ ᠳᠠᠩᠰᠠ ᠪᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠨᠡᠩ ᠣᠯᠠᠨ ᠰᠢᠨ᠎ᠡ ᠶᠢ ᠡᠭᠦᠳᠬᠦ ᠴᠡᠭ᠂ ᠭᠡᠷᠡᠯ ᠰᠠᠴᠤᠷᠠᠩᠭᠤᠢ ᠴᠡᠭ ᠢ ᠪᠣᠢ ᠪᠣᠯᠭᠠᠵᠤ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠪᠦᠬᠦ ᠲᠠᠯ᠎ᠠ ᠶᠢᠨ ᠬᠥᠭᠵᠢᠯᠲᠡ ᠶᠢ ᠳᠠᠶᠢᠴᠢᠯᠠᠨ᠂ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠤᠨ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号