ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 6 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ | ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠠᠴᠠ ᠨᠠᠭᠠᠰᠢ᠂ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠬᠤ ᠡᠷᠴᠢᠮ ᠤᠷᠢᠳ ᠡᠮᠦᠨ᠎ᠡ ᠪᠠᠶᠢᠭ᠎ᠠ ᠦᠭᠡᠢ ᠴᠢᠩᠭᠠᠷᠠᠵᠤ᠂ | ᠦᠷ᠎ᠡ ᠪᠦᠲᠦᠮᠵᠢ ᠨᠢ ᠤᠯᠠᠨ ᠤ ᠠᠩᠬᠠᠷᠤᠯ ᠢ ᠲᠠᠲᠠᠭᠰᠠᠨ ᠪᠠᠶᠢᠨ᠎ᠠ᠃ ᠢᠯᠵᠢᠷᠡᠯ ᠢ ᠡᠰᠡᠷᠭᠦᠴᠡᠬᠦ ᠠᠵᠢᠯ ᠡᠭᠦᠷᠢᠳᠡ | ᠵᠣᠭᠰᠣᠰᠢ ᠦᠭᠡᠢ ᠪᠠᠶᠢᠬᠤ ᠡᠷᠡᠰ ᠪᠠᠲᠤ ᠪᠠᠷᠢᠮᠲᠠᠯᠠᠯ ᠢ ᠢᠮᠠᠭᠲᠠ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠪᠠ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠨᠢᠭᠡ ᠠᠯᠬᠤᠮ ᠴᠤ ᠵᠣᠭᠰᠣᠯ ᠦᠭᠡᠢ᠂ ᠬᠠᠭᠠᠰ ᠠᠯᠬᠤᠮ ᠴᠤ | ᠤᠬᠤᠷᠢᠬᠤ ᠦᠭᠡᠢ ᠪᠠᠶᠢᠵᠤ᠂ ᠢᠯᠵᠢᠷᠡᠬᠦ ᠠᠴᠠ ᠵᠢᠷᠦᠬᠡᠰᠢᠶᠡᠬᠦ᠂ ᠢᠯᠵᠢᠷᠡᠵᠦ ᠪᠤᠯᠬᠤ ᠦᠭᠡᠢ᠂ ᠢᠯᠵᠢᠷᠡᠬᠦ ᠶᠢ ᠪᠤᠳᠤᠬᠤ | ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠨᠡ ᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ | ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ | ᠬᠤᠷᠠᠯ ᠳᠤ ᠣᠷᠣᠯᠴᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠢ ᠰᠢ | ᠬᠤᠷᠠᠯ ᠢ ᠡᠷᠭᠢᠯᠡᠪᠡ᠃ | ᠰᠢ ᠶᠢᠨ ᠫᠢᠩ᠂ 2024 ᠣᠨ ᠳᠤ᠂ ᠨᠠᠮ ᠤᠨ ᠲᠥᠪ ᠬᠤᠷᠢᠶ᠎ᠠ ᠠᠴᠠ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ | ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠢᠮᠠᠭᠲᠠ ᠲᠤᠭᠤᠰᠢᠯᠠᠭᠤᠯᠵᠤ᠂ ᠰᠢᠨ᠎ᠡ ᠠᠬᠢᠴᠠ ᠪᠠ ᠦᠷ᠎ᠡ ᠪᠦᠲᠦᠮᠵᠢ ᠣᠯᠪᠠ᠃ ᠪᠦᠭᠦ ᠨᠠᠮ ᠢᠶᠠᠷ ᠢᠶᠠᠨ ᠥᠪᠡᠷ ᠪᠡᠶ᠎ᠡ ᠶᠢᠨ | ᠬᠤᠪᠢᠰᠬᠠᠯ ᠬᠢᠬᠦ ᠡᠨᠡ ᠬᠦ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠲᠠᠨᠢᠯᠲᠠ ᠨᠢ ᠨᠡᠩ ᠰᠡᠷᠭᠡᠭ ᠪᠣᠯᠵᠤ᠂ ᠦᠢᠯᠡ | ᠠᠵᠢᠯᠯᠠᠭ᠎ᠠ ᠨᠢ ᠨᠡᠩ ᠡᠷᠡᠰ ᠪᠠᠲᠤ ᠪᠤᠯᠪᠠ︔ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠪᠦᠭᠦ ᠨᠠᠮ ᠤᠨ ᠨᠥᠬᠦᠳ ᠤᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ | ᠤᠬᠠᠮᠰᠠᠷ ᠢᠯᠡᠳᠲᠡ ᠴᠢᠩᠭᠠᠷᠠᠪᠠ︔ ᠢᠯᠵᠢᠷᠡᠯ ᠢ ᠡᠰᠡᠷᠭᠦᠴᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠪᠠ︔ ᠤᠯᠠᠨ ᠲᠦᠮᠡᠨ ᠤ ᠳᠡᠷᠭᠡᠳᠡᠬᠢ | ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ | ᠥᠷᠨᠢᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ ᠠᠯᠢ ᠤᠯᠠᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠪᠡ︔ | ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠢᠶᠠᠷ ᠨᠠᠮ ᠢ ᠵᠠᠰᠠᠬᠤ ᠶᠢ ᠭᠦᠨᠵᠡᠭᠡᠶᠢᠷᠡᠭᠦᠯᠵᠦ᠂ ᠨᠠᠮ ᠠᠴᠠ ᠢᠯᠵᠢᠷᠡᠯ ᠢ | ᠡᠰᠡᠷᠭᠦᠴᠡᠬᠦ ᠲᠡᠮᠡᠴᠡᠯ ᠢ ᠤᠳᠤᠷᠢᠳᠬᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠴᠢᠳᠠᠪᠤᠷᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠢᠯᠵᠢᠷᠡᠯ ᠪᠣᠯ ᠮᠠᠨ ᠤ ᠨᠠᠮ ᠳᠤ ᠲᠤᠯᠭᠠᠷᠠᠵᠤ ᠪᠠᠶᠢᠭ᠎ᠠ ᠬᠠᠮᠤᠭ ᠤᠨ ᠶᠡᠭᠡ ᠰᠦᠷᠳᠡᠭᠦᠯᠦᠯ ᠮᠥᠨ᠂ | ᠢᠯᠵᠢᠷᠡᠯ ᠢ ᠡᠰᠡᠷᠭᠦᠴᠡᠬᠦ ᠪᠣᠯ ᠬᠠᠮᠤᠭ ᠤᠨ ᠲᠦᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠪᠣᠯᠣᠨ᠎ᠠ᠃ ᠰᠢᠨ᠎ᠡ ᠴᠠᠭ | ᠦᠶ᠎ᠡ ᠳᠤ ᠣᠷᠣᠵᠤ᠂ ᠨᠠᠮ ᠤᠨ ᠳᠣᠲᠣᠭᠠᠳᠤ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ | ᠢᠯᠵᠢᠷᠡᠯ ᠢ ᠡᠰᠡᠷᠭᠦᠴᠡᠬᠦ ᠲᠡᠮᠡᠴᠡᠯ ᠤᠨ ᠲᠣᠪᠤᠶᠢᠮ᠎ᠠ ᠠᠰᠠᠭᠤᠳᠠᠯ ᠤᠨ ᠡᠮᠦᠨ᠎ᠡ᠂ ᠪᠢᠳᠡ ᠢᠯᠵᠢᠷᠡᠭᠰᠠᠳ ᠪᠠᠶᠢᠪᠠᠯ ᠯᠠᠪᠲᠠᠢ | ᠡᠰᠡᠷᠭᠦᠴᠡᠬᠦ᠂ ᠱᠠᠮᠰᠢᠭᠰᠠᠳ ᠪᠠᠶᠢᠪᠠᠯ ᠯᠠᠪᠲᠠᠢ ᠠᠷᠢᠯᠭᠠᠬᠤ ᠶᠢ ᠪᠠᠷᠢᠮᠲᠠᠯᠠᠵᠤ᠂ ᠺᠠᠳ᠋ᠷ ᠤᠨ ᠡᠩᠨᠡᠭᠡ ᠶᠢ ᠲᠠᠰᠤᠷᠠᠯᠳᠠ ᠦᠭᠡᠢ | ᠴᠡᠪᠡᠷᠰᠢᠭᠦᠯᠵᠦ᠂ ᠨᠠᠮ ᠤᠨ ᠳᠦᠷᠢ ᠲᠥᠷᠬᠦ ᠶᠢ ᠬᠠᠮᠠᠭᠠᠯᠠᠨ᠂ ᠬᠤᠪᠢᠰᠬᠠᠯᠲᠤ ᠲᠦᠷᠦ ᠭᠦᠷᠦᠨ ᠢ ᠪᠠᠬᠢᠵᠢᠭᠦᠯᠵᠦ᠂ ᠨᠠᠮ ᠤᠨ | ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ | ᠲᠡᠦᠬᠡᠨ ᠰᠠᠨᠠᠭᠠᠴᠢᠯᠠᠭᠠᠲᠤ ᠡᠷᠬᠡ ᠶᠢ ᠣᠯᠵᠤ᠂ ᠨᠠᠮ ᠠᠴᠠ ᠪᠦᠭᠦ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ | ᠲᠥᠯᠥᠭᠡ ᠬᠠᠮᠲᠤ ᠪᠠᠷ ᠲᠡᠮᠡᠴᠡᠬᠦ ᠲᠡᠦᠬᠡᠨ ᠰᠠᠨᠠᠭᠠᠴᠢᠯᠠᠭᠠᠲᠤ ᠡᠷᠬᠡ ᠶᠢ ᠣᠯᠪᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ | ᠪᠤᠳᠤᠯᠢᠶᠠᠨᠲᠠᠢ ᠪᠠᠶᠢᠨ᠎ᠠ᠃ ᠢᠯᠵᠢᠷᠡᠯ ᠤᠨ ᠦᠯᠡᠳᠡᠭᠳᠡᠯ ᠬᠡᠮᠵᠢᠶ᠎ᠡ ᠶᠢ ᠬᠠᠷᠠᠬᠠᠨ ᠠᠷᠢᠯᠭᠠᠭᠠᠳᠤᠢ ᠪᠠᠶᠢᠵᠤ᠂ ᠨᠡᠮᠡᠭᠳᠡᠯ ᠤᠨ | ᠬᠡᠮᠵᠢᠶ᠎ᠡ ᠪᠠᠰᠠ ᠦᠷᠭᠦᠯᠵᠢᠯᠡᠨ ᠡᠭᠦᠰᠴᠦ᠂ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ | ᠠᠷᠢᠯᠭᠠᠬᠤ ᠡᠭᠦᠷᠭᠡ ᠮᠥᠨ ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ᠃ ᠢᠯᠵᠢᠷᠡᠯ ᠢ ᠡᠰᠡᠷᠭᠦᠴᠡᠬᠦ | ᠲᠡᠮᠡᠴᠡᠯ ᠢ ᠲᠠᠨᠢᠬᠤ ᠳᠤ ᠵᠠᠪᠠᠯ ᠲᠡᠦᠬᠡᠨ ᠬᠠᠷᠠᠴᠠ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠲᠠᠢ ᠪᠠᠶᠢᠵᠤ᠂ ᠨᠠᠮ ᠤᠨ | ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠶᠢ ᠪᠣᠳᠣᠯᠬᠢᠯᠠᠬᠤ ᠬᠡᠷᠡᠭᠲᠡᠢ᠃ ᠢᠯᠵᠢᠷᠡᠯ ᠢ ᠡᠰᠡᠷᠭᠦᠴᠡᠬᠦ ᠲᠡᠮᠡᠴᠡᠯ ᠨᠢ ᠡᠷᠬᠡᠪᠰᠢ | ᠡᠷᠡᠰ ᠭᠤᠶᠢᠪᠢᠰᠢ ᠦᠭᠡᠢ ᠪᠠᠶᠢᠵᠤ᠂ ᠶᠠᠮᠠᠷᠪᠠ ᠡᠷᠡᠭᠡᠯᠵᠡᠬᠦ ᠭᠤᠶᠢᠪᠢᠯᠵᠠᠬᠤ᠂ ᠰᠤᠯᠠᠷᠠᠬᠤ ᠢᠯᠳᠠᠷ ᠬᠠᠶᠠᠬᠤ ᠪᠤᠶᠤ ᠳᠤᠲᠠᠭᠤ | ᠲᠣᠷᠭᠤᠨ ᠵᠣᠬᠰᠣᠬᠤ ᠨᠢ ᠴᠥᠮ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠪᠣᠯᠣᠨ᠎ᠠ᠃ ᠡᠯ᠎ᠡ ᠵᠦᠢᠯ ᠤᠨ ᠪᠤᠷᠤᠭᠤ | ᠲᠠᠨᠢᠯᠲᠠ ᠶᠢ ᠡᠷᠡᠰ ᠲᠣᠳᠣᠷᠬᠠᠶᠢᠯᠠᠵᠤ᠂ ᠦᠵᠡᠯ ᠰᠠᠨᠠᠭᠠᠨ ᠤ ᠲᠥᠭᠡᠷᠢᠭᠳᠡᠯ ᠢ ᠠᠷᠢᠯᠭᠠᠨ᠂ ᠢᠯᠵᠢᠷᠡᠯ ᠢ ᠡᠰᠡᠷᠭᠦᠴᠡᠬᠦ | ᠲᠡᠮᠡᠴᠡᠯ ᠤᠨ ᠡᠷᠡᠰ ᠵᠣᠷᠢᠭ ᠪᠠ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠡᠷᠬᠡᠪᠰᠢ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ | ᠴᠢᠩᠭ᠎ᠠ ᠪᠠᠶᠢᠬᠤ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠡᠩ ᠶᠡᠭᠡ ᠦᠷ᠎ᠡ ᠪᠦᠲᠦᠮᠵᠢ | ᠣᠯᠬᠤ ᠪᠠᠷ ᠴᠢᠷᠮᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ | ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠬᠤ᠂ ᠣᠨᠣᠪᠴᠢᠲᠠᠢ ᠪᠤᠯᠭᠠᠬᠤ᠂ | ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ | ᠪᠠᠶᠢᠬᠤ ᠶᠢ ᠡᠷᠬᠡᠪᠰᠢ ᠬᠡᠯᠡᠭᠰᠡᠨ ᠳᠡᠭᠡᠨ ᠭᠦᠷᠲᠡᠯ᠎ᠡ ᠬᠢᠬᠦ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ᠂ ᠨᠠᠮ ᠤᠨ ᠰᠢᠨ᠎ᠡ ᠶᠢ | ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠲᠤᠰ | ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢᠨ ᠲᠤᠬᠠᠢ ᠬᠠᠷᠠᠯᠲᠠ ᠪᠠᠶᠢᠷᠢ | ᠲᠣᠭᠲᠠᠭᠠᠯᠲᠠ ᠪᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠨᠢᠭᠡᠳᠦᠯᠲᠡᠢ᠂ | ᠴᠢᠭᠯᠡᠯ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ᠂ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ | ᠪᠣᠯᠣᠨ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ︽ᠲᠤᠯᠤᠭᠠᠨ ᠪᠠᠶᠢᠬᠤ︾ ᠶᠢ ᠤᠬᠳᠤ ᠵᠥᠪᠰᠢᠶᠡᠷᠡᠬᠦ ᠦᠭᠡᠢ | ᠂ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠳᠦᠯᠲᠡᠢ ᠪᠠᠶᠢᠬᠤ᠂ ᠵᠠᠷᠯᠢᠭ ᠴᠠᠭᠠᠵᠠ ᠶᠢ ᠲᠠᠭᠠᠬᠤ ᠶᠢ ᠪᠠᠲᠤᠯᠠᠬᠤ ᠬᠡᠷᠡᠭᠲᠡᠢ᠃ | ᠦᠢᠯᠡ ᠠᠵᠢᠯᠯᠠᠭ᠎ᠠ ᠶᠢᠨ ᠲᠠᠯ᠎ᠠ ᠪᠠᠷ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠯᠤᠰ ᠲᠦᠷᠦ ᠶᠢᠨ ᠬᠢᠨᠠᠯᠲᠠ ᠲᠠᠯᠪᠢᠬᠤ ᠭᠤᠣᠯᠳᠠᠯᠭ᠎ᠠ | ᠪᠤᠯᠭᠠᠵᠤ᠂ ᠬᠦᠴᠦ ᠪᠠᠨ ᠬᠠᠮᠲᠤᠳᠬᠠᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠢᠭᠡ ᠵᠦᠢᠯ ᠤᠨ | ᠪᠠᠶᠢᠩᠭᠤ ᠶᠢᠨ ᠴᠢᠨᠠᠷᠲᠠᠢ ᠠᠵᠢᠯ ᠪᠣᠯᠣᠨ᠎ᠠ᠂ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ | ᠪᠤᠰᠤᠳ ᠢᠶᠠᠷ ᠱᠠᠭᠠᠷᠳᠠᠭᠤᠯᠬᠤ ᠶᠢ ᠪᠡᠶ᠎ᠡ ᠪᠠᠨ ᠪᠠᠷᠢᠬᠤ ᠪᠤᠯᠭᠠᠵᠤ᠂ ᠳᠣᠲᠣᠷ᠎ᠠ ᠪᠠᠨ ᠰᠠᠭᠤᠭᠳᠠᠭᠤᠯᠵᠤ ᠡᠳᠦᠷ ᠳᠤᠲᠤᠮ ᠤᠨ | ᠠᠮᠢᠳᠤᠷᠠᠯ ᠳᠠᠭᠠᠨ ᠬᠡᠷᠡᠭᠯᠡᠵᠦ ᠳᠠᠳᠤᠭᠰᠠᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠬᠤ | ᠬᠡᠷᠡᠭᠲᠡᠢ᠃ ᠪᠠᠶᠢᠩᠭᠤᠵᠢᠭᠰᠠᠨ ᠤᠷᠲᠤ ᠬᠤᠭᠤᠴᠠᠭᠠᠨ ᠤ ᠪᠦᠲᠦᠮᠵᠢᠲᠡᠶ ᠰᠠᠬᠢᠯᠭ᠎ᠠ ᠪᠠᠲᠤ ᠶᠢᠨ ᠬᠥᠮᠦᠵᠢᠯ ᠤᠨ | ᠲᠣᠭᠲᠠᠴᠠ ᠶᠢ ᠪᠠᠶᠢᠭᠤᠯᠵᠤ᠂ ᠰᠠᠬᠢᠯᠭ᠎ᠠ ᠪᠠᠲᠤ ᠶᠢᠨ ᠬᠥᠮᠦᠵᠢᠯ ᠢ ᠺᠠᠳ᠋ᠷ ᠤᠨ ᠦᠰᠦᠨ ᠪᠤᠶᠢᠵᠢᠬᠤ ᠪᠦᠭᠦ ᠦᠶᠡᠯᠡᠯ ᠳᠤ | ᠲᠤᠭᠤᠰᠢᠯᠠᠭᠤᠯᠵᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠦᠭᠦ ᠶᠠᠪᠤᠴᠠ ᠳᠤ ᠠᠭᠤᠰᠬᠠᠬᠤ ᠬᠡᠷᠡᠭᠲᠡᠢ᠃ | ᠨᠠᠮ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ︽ᠲᠦᠷᠪᠡᠨ ᠵᠦᠢᠯ ᠤᠨ ᠭᠡᠯᠪᠡᠷᠢ ᠪᠠᠶᠢᠳᠠᠯ︾ ᠢ ᠵᠥᠪ | ᠣᠨᠣᠪᠴᠢᠲᠠᠢ ᠬᠡᠷᠡᠭᠯᠡᠨ᠂ ᠦᠨᠡᠨ ᠠᠴᠠ ᠵᠥᠪ ᠢ ᠡᠷᠢᠵᠦ᠂ ᠬᠢᠯᠢᠰᠳᠡᠭᠦᠯᠬᠦ ᠦᠭᠡᠢ ᠪᠠᠰᠠ ᠳᠤᠷ᠎ᠠ ᠪᠠᠷ ᠨᠢ ᠲᠠᠯᠪᠢᠬᠤ ᠦᠭᠡᠢ᠂ | ᠡᠷᠲᠡ ᠠᠴᠠ ᠠᠳᠬᠤᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠴᠢᠩᠭ᠎ᠠ ᠬᠠᠮᠢᠶᠠᠷᠤᠨ ᠬᠢᠨᠠᠬᠤ ᠪᠠ ᠬᠠᠷᠢᠭᠤᠴᠠᠯᠭ᠎ᠠ | ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠵᠦ᠂ ᠺᠠᠳ᠋ᠷᠴᠤᠳ ᠢ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ | ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠠᠵᠢᠯ ᠬᠢᠵᠦ ᠦᠢᠯᠡᠰ ᠪᠣᠰᠬᠠᠬᠤ ᠪᠤᠯᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠲᠠᠯ ᠢᠯᠵᠢᠷᠡᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠠᠵᠢᠯ ᠢ ᠭᠦᠨᠵᠡᠭᠡᠢ | ᠠᠬᠢᠭᠤᠯᠬᠤ ᠬᠡᠷᠡᠭᠲᠡᠢ᠃ ᠤᠬᠲᠤ ᠠᠭᠤᠴᠢᠯᠠᠬᠤ ᠦᠭᠡᠢ ᠪᠠᠶᠢᠬᠤ ᠶᠢ ᠢᠮᠠᠭᠲᠠ ᠪᠠᠷᠢᠮᠲᠠᠯᠠᠵᠤ᠂ ᠲᠥᠪ ᠤᠨ ᠨᠠᠢᠮᠠᠨ | ᠲᠣᠭᠲᠠᠭᠠᠯ ᠢ ᠲᠡᠮᠦᠷ ᠶᠣᠰᠣ᠂ ᠬᠠᠲᠠᠭᠤ ᠪᠠᠷᠢᠮᠵᠢᠶ᠎ᠠ ᠪᠤᠯᠭᠠᠵᠤ᠂ ᠥᠰᠢᠯᠳᠦᠨ ᠰᠠᠬᠢᠯᠭ᠎ᠠ ᠪᠠᠲᠤ ᠶᠢ ᠵᠥᠷᠢᠴᠡᠭᠰᠡᠨ᠂ | ᠳᠠᠯᠳᠠᠭᠤᠷ ᠣᠨᠳᠣᠣᠰᠢᠭᠰᠠᠨ ︽ᠲᠦᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠨᠠᠮ ᠤᠨ ᠭᠡᠰᠢᠭᠦᠨ᠂ ᠺᠠᠳ᠋ᠷᠴᠤᠳ ᠤᠨ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠡᠷᠡᠰ | ᠡᠰᠡᠷᠭᠦᠴᠡᠬᠦ ᠶᠢ ᠱᠠᠯᠠᠪᠳᠠᠭᠤᠯᠵᠤ᠂ ᠡᠷᠬᠡ ᠶᠢᠨ ᠲᠤᠬᠠᠢ ᠵᠥᠪ ᠦᠵᠡᠯᠲᠡ᠂ ᠠᠯᠪᠠᠨ ᠠᠮᠵᠢᠯᠲᠠ ᠶᠢᠨ ᠲᠤᠬᠠᠢ ᠵᠥᠪ | ᠦᠵᠡᠯᠲᠡ᠂ ᠠᠵᠢᠯ ᠦᠢᠯᠡᠰ ᠤᠨ ᠲᠤᠬᠠᠢ ᠵᠥᠪ ᠦᠵᠡᠯᠲᠡ ᠶᠢ ᠪᠠᠲᠤ ᠪᠤᠢ ᠪᠤᠯᠭᠠᠬᠤ ᠬᠡᠷᠡᠭᠲᠡᠢ᠃ ᠢᠯᠵᠢᠷᠡᠯ ᠢ ᠡᠰᠡᠷᠭᠦᠴᠡᠬᠦ | ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠬᠦᠷᠢᠶ᠎ᠡ᠂ | ᠭᠤᠣᠯᠳᠠᠯᠭ᠎ᠠ ᠲᠠᠢ ᠡᠲᠡᠭᠡᠳ ᠢ ᠭᠤᠣᠯᠳᠠᠯᠭ᠎ᠠ ᠲᠠᠢ ᠠᠳᠬᠤᠵᠤ᠂ ᠬᠡᠭᠡᠯᠢ ᠢᠳᠡᠵᠦ ᠬᠠᠭ᠋ᠤᠤᠯᠢ ᠲᠦᠯᠬᠢᠬᠦ ᠶᠢ ᠬᠠᠮᠲᠤ ᠳᠤᠨᠢ | ᠪᠠᠶᠢᠴᠠᠭᠠᠬᠤ ᠠᠵᠢᠯ ᠢ ᠬᠦᠴᠦᠯᠡᠨ ᠭᠦᠨᠵᠡᠭᠡᠶᠢᠷᠡᠭᠦᠯᠵᠦ᠂ ᠰᠢᠰᠲ᠋ᠧᠮ ᠤᠨ ᠴᠢᠨᠠᠷᠲᠠᠢ ᠢᠯᠵᠢᠷᠡᠯ ᠤᠨ ᠠᠶᠤᠯ ᠲᠦᠭᠰᠢᠭᠦᠷᠢ ᠭᠡᠮ | ᠰᠣᠭᠤᠭ ᠢ ᠡᠷᠡᠰ ᠠᠷᠢᠯᠭᠠᠬᠤ ᠬᠡᠷᠡᠭᠲᠡᠢ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ ᠵᠠᠰᠠᠯᠲᠠ ᠶᠢ ᠠᠬᠢᠭᠤᠯᠬᠤ ᠪᠣᠳᠠᠲᠤ | ᠦᠷ᠎ᠡ ᠪᠦᠲᠦᠮᠵᠢ ᠶᠢ ᠴᠢᠩᠭᠠᠳᠬᠠᠵᠤ᠂ ᠡᠷᠬᠡ ᠶᠢᠨ ᠲᠣᠬᠢᠷᠠᠭᠤᠯᠤᠯᠲᠠ ᠶᠢᠨ ᠠᠵᠢᠯᠯᠠᠭᠠᠨ ᠤ ᠬᠢᠵᠠᠭᠠᠷᠯᠠᠯ ᠪᠠ ᠬᠢᠨᠠᠯᠲᠠ | ᠲᠠᠯᠪᠢᠬᠤ ᠲᠣᠭᠲᠠᠴᠠ ᠶᠢ ᠠᠬᠢᠭᠤᠯᠤᠨ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠢᠯᠵᠢᠷᠡᠯ ᠪᠠ ᠲᠠᠯᠳᠠ ᠢᠯᠵᠢᠷᠡᠯ ᠢ | ᠰᠡᠷᠭᠡᠶᠢᠯᠡᠨ ᠵᠠᠰᠠᠬᠤ ᠪᠦᠲᠦᠮᠵᠢᠲᠡᠢ ᠠᠷᠭ᠎ᠠ ᠶᠢ ᠪᠠᠶᠠᠯᠢᠭᠵᠢᠭᠤᠯᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ | ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ︽ᠬᠠᠮᠲᠤ ᠪᠠᠷ | ᠪᠠᠶᠢᠴᠠᠭᠠᠬᠤ︾ ᠪᠠᠷ ᠰᠤᠷᠲᠠᠯ ᠢᠯᠵᠢᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠬᠡᠵᠦ᠂ ︽ᠬᠠᠮᠲᠤ ᠪᠠᠷ ᠵᠠᠰᠠᠬᠤ︾ | ᠪᠠᠷ ᠰᠤᠷᠲᠠᠯ ᠢᠯᠵᠢᠷᠡᠯ ᠤᠨ ᠨᠡᠶᠢᠲᠡᠴᠢ ᠴᠢᠨᠠᠷ ᠤᠨ ᠦᠨᠳᠦᠰᠦ ᠰᠤᠷᠪᠤᠯᠵᠢ ᠶᠢ ᠠᠷᠢᠯᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ | ᠲᠠᠯᠪᠢᠬᠤ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠬᠤᠷᠢᠶ᠎ᠠ ᠰᠠᠨᠠᠭᠠᠴᠢᠯᠠᠭ᠎ᠠ ᠠᠴᠠ ᠪᠠᠨ ᠠᠳᠬᠤᠵᠤ᠂ | ᠰᠠᠨᠠᠭᠠᠴᠢᠯᠠᠭ᠎ᠠ ᠠᠴᠠ ᠪᠠᠨ ᠬᠠᠮᠢᠶᠠᠷᠴᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠤᠰᠬᠠᠢ ᠬᠠᠷᠢᠭᠤᠴᠠᠯᠭ᠎ᠠ ᠶᠢᠨ | ᠬᠢᠨᠠᠯᠲᠠ ᠶᠢ ᠰᠠᠶᠢᠲᠤᠷ ᠭᠦᠢᠴᠡᠳᠬᠡᠵᠦ᠂ ᠭᠤᠣᠯ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠣᠯ | ᠠᠵᠢᠯ ᠢᠶᠠᠨ ᠰᠠᠶᠢᠲᠤᠷ ᠬᠢᠵᠦ᠂ ᠡᠯ᠎ᠡ ᠬᠠᠷᠢᠭᠤᠴᠠᠯᠭ᠎ᠠ ᠶᠢᠨ ᠭᠤᠣᠯ ᠴᠣᠭᠴᠠ ᠴᠥᠮ ᠬᠠᠷᠢᠭᠤᠴᠠᠯᠭ᠎ᠠ ᠪᠠᠨ ᠮᠡᠳᠡᠵᠦ᠂ | ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠰᠢᠯᠭᠠᠨ ᠦᠨᠡᠯᠡᠬᠦ ᠲᠣᠭᠲᠠᠴᠠ ᠶᠢ ᠰᠢᠯᠢᠳᠡᠭᠵᠢᠭᠦᠯᠵᠦ᠂ ᠲᠤᠰᠢᠶᠠᠯ ᠳᠠᠭᠠᠨ ᠤᠰᠤᠯᠳᠤᠵᠤ | ᠬᠠᠷᠢᠭᠤᠴᠠᠯᠭ᠎ᠠ ᠪᠠᠨ ᠠᠯᠳᠠᠭᠰᠠᠳ ᠠᠴᠠ ᠣᠨᠣᠴᠠᠲᠠᠢ ᠰᠢᠨᠵᠢᠯᠡᠬᠦ ᠤᠬᠠᠭᠠᠨᠴᠢ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠲᠤ ᠲᠡᠶᠢᠰᠢ ᠦᠷᠭᠦᠯᠵᠢᠯᠡᠭᠦᠯᠬᠦ ᠶᠢ | ᠦᠷᠭᠦᠯᠵᠢᠯᠡᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠢᠯᠠᠩᠭᠤᠶ᠎ᠠ ᠬᠤᠲᠠ ᠰᠢᠶᠠᠨ ᠤ ᠨᠠᠮ ᠤᠨ | ᠬᠤᠷᠢᠶ᠎ᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ | ᠵᠠᠰᠠᠬᠤ ᠶᠢ ᠴᠢᠬᠤᠯᠠ ᠡᠭᠦᠷᠭᠡ ᠪᠣᠯᠭᠠᠨ ᠪᠠᠶᠢᠩᠭᠤᠵᠢᠭᠤᠯᠤᠨ ᠠᠳᠬᠤᠵᠤ᠂ ᠠᠷᠠᠳ ᠤᠯᠠᠨ ᠳᠤ ᠪᠠᠶᠠᠷᠲᠤ ᠲᠥᠷᠥᠭᠳᠡᠯ ᠥᠭᠬᠦ | ᠬᠡᠷᠡᠭᠲᠡᠢ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠶᠢ ᠦᠨᠳᠦᠰᠦᠨ ᠱᠠᠲᠤᠨ ᠤ ᠴᠠᠭᠳᠠᠨ | ᠪᠠᠶᠢᠴᠠᠭᠠᠬᠤ ᠲᠠᠢ ᠤᠶᠠᠯᠳᠤᠭᠤᠯᠵᠤ᠂ ᠡᠯ᠎ᠡ ᠲᠠᠯ᠎ᠠ ᠶᠢᠨ ᠬᠢᠨᠠᠯᠲᠠ ᠲᠠᠢ ᠨᠢᠭᠡᠳᠦᠯᠲᠡᠢ ᠲᠥᠯᠥᠪᠯᠡᠬᠦ ᠬᠡᠷᠡᠭᠲᠡᠢ᠃ ᠬᠡᠯᠪᠡᠷᠢᠴᠢ | ᠦᠵᠡᠯ ᠢ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠬᠤ ᠶᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠪᠤᠯᠭᠠᠵᠤ᠂ ᠥᠷᠭᠡᠨ ᠤᠯᠠᠨ ᠦᠨᠳᠦᠰᠦᠨ ᠱᠠᠲᠤᠨ ᠤ ᠺᠠᠳ᠋ᠷᠴᠤᠳ ᠲᠤ | ᠨᠠᠶᠢᠳᠠᠪᠤᠷᠢᠵᠢᠭᠤᠯᠤᠯᠲᠠ ᠶᠢ ᠠᠳᠬᠤᠬᠤ ᠨᠡᠩ ᠤᠯᠠᠨ ᠤᠶᠤᠨ ᠴᠢᠳᠠᠯ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠨᠠᠮ ᠤᠨ ᠥᠪᠡᠷ ᠪᠡᠶ᠎ᠡ ᠶᠢᠨ | ᠬᠤᠪᠢᠰᠬᠠᠯ ᠬᠢᠬᠦ ᠶᠢ ᠠᠬᠢᠭᠤᠯᠬᠤ ᠴᠢᠬᠤᠯᠠ ᠬᠦᠴᠦᠨ ᠮᠥᠨ᠂ ᠨᠠᠮ ᠪᠣᠯᠣᠨ ᠠᠷᠠᠳ ᠲᠦᠮᠡᠨ ᠡᠨᠡ ᠬᠦ ᠡᠩᠨᠡᠭᠡ ᠳᠤ | ᠢᠲᠡᠭᠡᠯ ᠭᠦᠢᠴᠡᠳ᠂ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠬᠡ ᠣᠯᠭᠤᠬᠤ ᠪᠠ ᠡᠷᠬᠡ ᠡᠵᠡᠮᠳᠡᠬᠦ ᠶᠢ | ᠤᠶᠠᠯᠳᠤᠭᠤᠯᠬᠤ ᠶᠢ ᠪᠠᠷᠢᠮᠲᠠᠯᠠᠵᠤ᠂ ᠡᠷᠬᠡ ᠶᠢ ᠳᠦᠷᠢᠮ ᠤᠨ ᠰᠢᠩᠭᠡᠯᠢᠭ ᠲᠤ ᠬᠤᠷᠢᠬᠤ ᠬᠡᠷᠡᠭᠲᠡᠢ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠦᠮᠵᠢᠯᠲᠡ ᠬᠠᠤᠯᠢᠵᠢᠯᠲᠠ ᠵᠢᠩᠬᠢᠨᠢᠴᠢᠯᠡᠯᠲᠡ ᠶᠢᠨ ᠪᠠᠶᠢᠭᠤᠯᠤᠯᠲᠠ ᠶᠢ | ᠬᠦᠴᠦᠯᠡᠨ ᠴᠢᠩᠭᠠᠳᠬᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠢᠶᠠᠷ | ᠴᠡᠭᠴᠡᠯᠡᠬᠦ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ | ᠪᠠᠶᠢᠬᠤ ᠶᠢ ᠪᠠᠷᠢᠮᠲᠠᠯᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ | ᠴᠢᠬᠡᠴᠢ ᠬᠠᠷᠢᠭᠤᠴᠠᠯᠭ᠎ᠠ ᠲᠠᠢ᠂ ᠵᠣᠷᠢᠭᠲᠠᠢ ᠴᠢᠳᠠᠮᠠᠭᠠᠢ ᠲᠡᠮᠡᠴᠡᠳᠡᠭ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠰᠢ ᠬᠤᠷᠠᠯ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ᠂ ᠥᠩᠭᠡᠷᠡᠭᠰᠡᠨ | ᠨᠢᠭᠡ ᠵᠢᠯ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ | ᠭᠦᠢᠴᠡᠳ ᠨᠤᠲᠠᠯᠠᠵᠤ᠂ ᠠᠯᠤᠰ ᠭᠡᠳᠤ ᠶᠢᠨ ᠲᠡᠦᠬᠡ ᠶᠢᠨ ᠬᠠᠷᠠᠴᠠ ᠪᠠᠷ ᠢᠯᠵᠢᠷᠡᠯ ᠢ ᠡᠰᠡᠷᠭᠦᠴᠡᠬᠦ ᠲᠡᠮᠡᠴᠡᠯ ᠤᠨ ᠦᠨᠳᠦᠰᠦᠨ | ᠵᠢᠮ᠎ᠡ ᠶᠣᠰᠣ ᠶᠢ ᠭᠦᠨᠵᠡᠭᠡᠢ ᠡᠵᠡᠮᠳᠡᠵᠦ᠂ ᠣᠳᠣᠬᠠᠨ ᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ | ᠵᠠᠳᠠᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ | ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ | ᠥᠭᠴᠡᠢ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠦᠵᠡᠯ ᠰᠠᠨᠠᠭ᠎ᠠ ᠭᠦᠨ ᠭᠦᠨᠵᠡᠭᠡᠢ᠂ | ᠠᠰᠠᠭᠤᠳᠠᠯ ᠳᠤ ᠰᠢᠭᠤᠳ ᠬᠠᠨᠳᠤᠵᠤ᠂ ᠬᠥᠮᠥᠰ ᠢ ᠰᠡᠩᠬᠡᠷᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ | ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠴᠢᠬᠤᠯᠠ ᠵᠢᠷᠤᠮᠯᠠᠯ ᠬᠠᠩᠭᠠᠵᠠᠢ᠃ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ | ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ | ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭᠲᠠᠢ ᠪᠠᠷ ᠲᠡᠮᠡᠴᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠯᠵᠢᠷᠠᠬᠤ ᠠᠴᠠ ᠵᠢᠷᠦᠬᠡᠰᠢᠶᠡᠬᠦ᠂ ᠢᠯᠵᠢᠷᠡᠵᠦ | ᠪᠤᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠢᠷᠡᠯ ᠢ | ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ | ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ | ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠠᠩᠭᠢ ᠶᠢᠨ | ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ | ᠤᠲᠠᠰᠤ ᠬᠤᠷᠠᠯ ᠤᠨ ᠭᠡᠯᠪᠡᠷᠢ ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ ᠴᠡᠷᠢᠭ ᠠᠩᠭᠢ ᠶᠢᠨ | ᠬᠤᠯᠪᠣᠭᠳᠠᠯ ᠪᠦᠬᠦᠢ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ 1 ᠰᠠᠷ᠎ᠠ ᠶᠢᠨ 6 ᠤ ᠡᠳᠦᠷ ᠪᠡᠭᠡᠵᠢᠩ ᠳᠤ ᠡᠬᠢᠯᠡᠪᠡ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠢ ᠡᠷᠭᠢᠯᠡᠪᠡ᠃ 6 ᠤ | ᠦᠳᠡ ᠶᠢᠨ ᠬᠤᠶᠢᠨ᠎ᠠ ᠯᠢ ᠰᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠡᠮᠦᠨ᠎ᠡ ᠠᠴᠠ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ | ᠭᠦᠨᠵᠡᠭᠡᠢ ᠠᠬᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ | ᠮᠡᠳᠡᠭᠦᠯᠦᠯᠲᠡ ᠬᠢᠪᠡ᠃ | | | |