ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠤᠯᠤᠰ ᠲᠥᠷᠥ ᠶᠢᠨ ᠵᠥᠪᠯᠡᠯᠭᠡᠨ ︽ᠬᠡᠦᠬᠡᠳ ᠤᠨ ᠰᠡᠳᠬᠢᠯ︾ ᠤᠨ ᠲᠥᠷᠥᠯ ᠵᠦᠢᠯ ᠳᠤ ᠬᠦᠴᠦᠨ ᠨᠡᠮᠡᠷᠢᠯᠡᠬᠦ ᠠᠵᠢᠯᠯᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2025/2/19
   ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠭᠦᠨᠵᠡᠭᠡᠢ ᠠᠬᠢᠭᠤᠯᠵᠤ᠂ ᠡᠮᠴᠢᠯᠡᠭᠡ ᠡᠷᠡᠭᠦᠯ ᠮᠡᠨᠳᠦ ᠶᠢᠨ ᠲᠤᠰᠠᠯᠠᠮᠵᠢ ᠪᠠ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠠᠵᠢᠯ ᠢ ᠭᠦᠨᠵᠡᠭᠡᠶᠢᠷᠡᠭᠦᠯᠬᠦ ᠶᠢᠨ ᠲᠥᠯᠥᠭᠡ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠪᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ 2 ᠰᠠᠷ᠎ᠠ ᠶᠢᠨ 17 ᠤ ᠡᠳᠦᠷ᠂ ᠪᠡᠭᠡᠵᠢᠩ ᠤᠨ ᠯᠢᠶᠠᠨ ᠢ ᠨᠢᠭᠦᠯᠡᠰᠦᠩᠭᠦᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠬᠡᠦᠬᠡᠳ ᠤᠨ ᠲᠥᠷᠥᠯᠬᠢ ᠴᠢᠨᠠᠷᠲᠠᠢ ᠵᠢᠷᠦᠬᠡᠨ ᠡᠪᠡᠳᠴᠢᠨ ᠤ ᠬᠦᠷᠢᠶᠡᠨ ᠳᠠᠬᠢ ᠲᠤᠰᠬᠠᠢ ᠮᠡᠷᠭᠡᠵᠢᠯᠲᠡᠨ ᠢ ᠰᠣᠩᠭᠤᠨ ᠲᠣᠮᠢᠯᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ ︽ᠬᠡᠦᠬᠡᠳ ᠤᠨ ᠰᠡᠳᠬᠢᠯ ᠤᠨ ᠲᠥᠷᠥᠯ ᠵᠦᠢᠯ︾ ᠤᠨ ᠥᠪᠥᠷ ᠮᠣᠩᠭᠤᠯ ᠤᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠥᠷᠥᠯᠬᠢ ᠴᠢᠨᠠᠷᠲᠠᠢ ᠵᠢᠷᠦᠬᠡᠨ ᠡᠪᠡᠳᠴᠢᠨ ᠢ ᠰᠢᠭᠰᠢᠨ ᠪᠠᠶᠢᠴᠠᠭᠠᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠦᠭᠰᠡᠨ ᠪᠥᠭᠡᠳ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠠᠵᠢᠯᠯᠠᠵᠤ ᠡᠷᠡᠭᠦᠯ ᠮᠡᠨᠳᠦ ᠶᠢᠨ ᠬᠦᠰᠡᠯ ᠵᠡᠭᠦᠳᠦ · ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠶᠢᠨ ᠬᠡᠦᠬᠡᠳ ᠤᠨ ᠡᠮᠴᠢᠯᠡᠭᠡ ᠪᠠᠷ ᠠᠪᠤᠷᠠᠨ ᠲᠤᠰᠠᠯᠠᠬᠤ ᠲᠥᠷᠥᠯ ᠵᠦᠢᠯ ᠤᠨ ᠶᠠᠷᠢᠯᠴᠠᠬᠤ ᠬᠤᠷᠠᠯ ᠵᠢᠴᠢ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃    ᠪᠦᠷᠢᠳᠬᠡᠯ ᠢ ᠦᠨᠳᠦᠰᠦᠯᠡᠪᠡᠯ᠂ ᠲᠤᠰ ᠤᠳᠠᠭᠠᠨ ᠤ ᠠᠵᠢᠯᠯᠠᠭ᠎ᠠ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠷᠭᠢᠨ ᠲᠣᠭᠤᠷᠢᠨ ᠤ ᠡᠯ᠎ᠡ ᠭᠠᠵᠠᠷ ᠣᠷᠣᠨ ᠤ 12 ᠨᠡᠷᠡᠰ 18 ᠨᠠᠰᠤᠨ ᠠᠴᠠ ᠳᠣᠷᠣᠭᠰᠢᠬᠢ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠶᠢᠨ ᠲᠥᠷᠥᠯᠬᠢ ᠴᠢᠨᠠᠷᠲᠠᠢ ᠵᠢᠷᠦᠬᠡᠨ ᠡᠪᠡᠳᠴᠢᠨ ᠲᠠᠢ ᠬᠡᠦᠬᠡᠳ ᠲᠤ ᠰᠢᠭᠰᠢᠨ ᠪᠠᠶᠢᠴᠠᠭᠠᠵᠤ ᠡᠮᠨᠡᠨ ᠵᠠᠰᠠᠵᠤ᠂ ᠮᠡᠰᠡ ᠵᠠᠰᠠᠯ ᠤᠨ ᠡᠮᠨᠡᠨ ᠵᠠᠰᠠᠬᠤ ᠨᠥᠬᠦᠴᠡᠯ ᠳᠤ ᠨᠡᠶᠢᠴᠡᠬᠦ ᠬᠡᠦᠬᠡᠳ ᠲᠤ ᠨᠡᠶᠢᠰᠯᠡᠯ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ ᠶᠢᠨ ᠰᠤᠳᠤᠯᠭᠠᠨ ᠤ ᠭᠠᠵᠠᠷ ᠤᠨ ᠬᠠᠷᠢᠶᠠᠲᠤ ᠬᠡᠦᠬᠡᠳ ᠤᠨ ᠡᠮᠨᠡᠯᠭᠡ ᠶᠢᠨ ᠬᠤᠷᠢᠶ᠎ᠠ ᠳᠤ ︽ᠰᠠᠭᠠᠳ ᠦᠭᠡᠢ ᠨᠡᠪᠲᠡᠷᠡᠬᠦ ᠵᠠᠮ︾ ᠨᠡᠭᠡᠭᠡᠨ ᠥᠭᠴᠦ᠂ ᠬᠤᠭᠤᠴᠠᠭ᠎ᠠ ᠰᠣᠩᠭᠤᠨ ᠮᠡᠰᠡ ᠵᠠᠰᠠᠯ ᠤᠨ ᠡᠮᠴᠢᠯᠡᠭᠡ ᠬᠢᠵᠦ᠂ ᠨᠥᠬᠦᠴᠡᠯ ᠳᠤ ᠨᠡᠶᠢᠴᠡᠬᠦ ᠭᠡᠷ ᠪᠦᠯᠢ ᠳᠤ ᠡᠮᠴᠢᠯᠡᠭᠡᠨ ᠤ ᠶᠠᠪᠤᠴᠠ ᠳᠤ ᠬᠤᠪᠢ ᠬᠥᠮᠦᠨ ᠤ ᠥᠪᠡᠷ ᠢᠶᠠᠨ ᠲᠤᠰᠢᠶᠠᠬᠤ ᠵᠠᠷᠤᠳᠠᠯ ᠢ ᠨᠢ ᠠᠪᠤᠷᠠᠨ ᠲᠤᠰᠠᠯᠠᠵᠤ᠂ ᠡᠪᠡᠳᠴᠢᠨ ᠳᠤ ᠨᠡᠷᠪᠡᠭᠳᠡᠭᠰᠡᠨ ᠬᠡᠦᠬᠡᠳ ᠤᠨ ᠭᠡᠷ ᠪᠦᠯᠢ ᠳᠤ ᠦᠨᠡᠨ ᠬᠦ ᠠᠰᠢᠭ ᠬᠦᠷᠲᠡᠭᠡᠨ᠎ᠡ᠃    ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠢ ᠲᠤᠰ ᠤᠳᠠᠭᠠᠨ ᠤ ᠬᠡᠯᠡᠯᠴᠡᠭᠡᠷ ᠢᠶᠠᠷ ᠰᠠᠭᠤᠷᠢ ᠪᠣᠯᠭᠠᠵᠤ᠂ ᠬᠠᠢ ᠳ᠋ᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠲᠠᠢ ᠨᠡᠪᠲᠡᠷᠡᠯᠴᠡᠨ ᠬᠠᠷᠢᠯᠴᠠᠬᠤ ᠪᠠᠨ ᠪᠦᠬᠦ ᠲᠠᠯ᠎ᠠ ᠪᠠᠷ ᠴᠢᠩᠭᠠᠳᠬᠠᠵᠤ᠂ ᠮᠡᠳᠡᠭᠡ ᠵᠠᠩᠭᠢ ᠶᠢᠨ ᠵᠡᠷᠭᠡ ᠪᠠᠷ ᠰᠣᠯᠢᠯᠴᠠᠬᠤ ᠪᠠᠷ ᠳᠠᠮᠵᠢᠭᠤᠯᠤᠨ᠂ ᠬᠠᠮᠵᠢᠯᠴᠠᠬᠤ ᠰᠠᠭᠤᠷᠢ ᠪᠠᠨ ᠤᠯᠠᠮ ᠨᠢᠭᠡ ᠠᠯᠬᠤᠮ ᠪᠠᠬᠢᠵᠢᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠷ᠎ᠡ ᠬᠦᠨᠳᠦᠲᠦ ᠲᠤᠰᠬᠠᠢ ᠮᠡᠷᠭᠡᠵᠢᠯᠲᠡᠨ ᠢ ᠪᠠᠶᠢᠩᠭᠤ ᠤᠷᠢᠵᠤ ᠬᠤᠰᠢᠭᠤᠨ ᠳᠤ ᠢᠷᠡᠵᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠶᠢᠨ ᠲᠥᠷᠥᠯᠬᠢ ᠴᠢᠨᠠᠷᠲᠠᠢ ᠵᠢᠷᠦᠬᠡᠨ ᠡᠪᠡᠳᠴᠢᠨ ᠲᠠᠢ ᠬᠡᠦᠬᠡᠳ ᠢ ︽ᠭᠡᠷ ᠤᠨ ᠡᠭᠦᠳᠡ︾ ᠳᠤ ᠲᠤᠰᠬᠠᠢ ᠮᠡᠷᠭᠡᠵᠢᠯ ᠤᠨ ᠰᠢᠯᠢᠳᠡᠭ ᠰᠢᠭᠰᠢᠨ ᠪᠠᠶᠢᠴᠠᠭᠠᠵᠤ ᠣᠨᠣᠰᠢᠯᠠᠨ ᠡᠮᠨᠡᠬᠦ ᠦᠢᠯᠡᠴᠢᠯᠡᠭᠡ ᠬᠦᠷᠲᠡᠭᠡᠵᠦ᠂ ᠡᠷᠲᠡᠬᠡᠨ ᠡᠪᠡᠳᠴᠢᠨ ᠡᠮᠭᠡᠭ᠂ ᠡᠷᠡᠭᠦᠯ ᠢᠶᠠᠷ ᠥᠰᠦᠨ ᠪᠤᠶᠢᠵᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号