ᠮᠠᠨ ᠤ ᠤᠷᠤᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2025/2/19
   ᠲᠦᠷᠦᠬᠦᠬᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ 19 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠠᠵᠤ ᠦᠢᠯᠡᠰ ᠤᠨ ᠬᠥᠭᠵᠢᠯᠲᠡ ᠳᠠᠬᠢ ᠠᠵᠢᠯ ᠣᠯᠭᠤᠯᠲᠠ ᠶᠢᠨ ᠳᠠᠶᠢᠴᠢᠯᠠᠬᠤ ᠬᠦᠴᠦᠨ ᠢ ᠳᠡᠭᠡᠭᠰᠢᠯᠡᠭᠦᠯᠬᠦ᠂ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠬᠤ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠠᠬᠢᠭᠤᠯᠬᠤ᠂ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ ᠵᠡᠷᠭᠡ 5 ᠲᠠᠯ᠎ᠠ ᠪᠠᠷ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠬᠤ ᠪᠠᠷ ᠪᠤᠯᠪᠠ᠃   ᠣᠶᠢᠯᠠᠭᠠᠭᠰᠠᠨ ᠢᠶᠠᠷ᠂ ︽ᠲᠥᠰᠦᠯ︾ ᠳᠤ ᠬᠤᠶᠠᠳᠤᠭᠠᠷ ᠠᠵᠤ ᠦᠢᠯᠡᠰ ᠤᠨ ᠰᠢᠨ᠎ᠡ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ 15 ᠲᠦᠮᠡ ᠠᠴᠠ ᠳᠡᠭᠡᠭᠰᠢ ᠠᠭᠤᠳᠠᠯᠵᠤ᠂ ᠭᠤᠷᠪᠠᠳᠤᠭᠠᠷ ᠠᠵᠤ ᠦᠢᠯᠡᠰ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ 35 ᠲᠦᠮᠡ ᠠᠴᠠ ᠳᠡᠭᠡᠭᠰᠢ ᠰᠢᠨ᠎ᠡ ᠪᠠᠷ ᠨᠡᠭᠡᠭᠡᠵᠦ᠂ 600 ᠳᠤᠮᠳᠠ ᠪᠠᠭ᠎ᠠ ᠬᠡᠯᠪᠡᠷᠢ ᠶᠢᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ 200 ᠳᠤᠮᠳᠠ ᠪᠠᠭ᠎ᠠ ᠬᠡᠯᠪᠡᠷᠢ ᠶᠢᠨ ᠬᠤᠷᠰᠢᠶ᠎ᠠ ᠶᠢ ᠭᠤᠤᠯᠳᠠᠯᠭ᠎ᠠ ᠲᠠᠢ ᠲᠡᠳᠬᠦᠵᠦ᠂ 2025 ᠣᠨ ᠤ ᠡᠴᠦᠰ ᠪᠣᠯᠬᠤ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠬᠡᠪᠴᠢᠶ᠎ᠡ ᠶᠢ 200 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ︔ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠤᠶᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ 2 ᠲᠦᠮᠡᠨ ᠲᠥᠭᠦᠷᠢᠭ ᠤᠨ ᠨᠢᠭᠡᠯᠡ ᠤᠳᠠᠭ᠎ᠠ ᠶᠢᠨ ᠴᠢᠨᠠᠷᠲᠠᠶ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠨᠥᠬᠦᠪᠥᠷᠢ ᠪᠠ 2 ᠲᠦᠮᠡᠨ ᠲᠥᠭᠦᠷᠢᠭ ᠤᠨ ᠦᠢᠯᠡᠰ ᠪᠤᠰᠬᠠᠬᠤ ᠨᠥᠬᠦᠪᠥᠷᠢ ᠣᠯᠭᠤᠵᠤ᠂ ᠪᠥᠬᠦ ᠣᠷᠣᠨ ᠤ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠠᠵᠢᠯ ᠰᠤᠷᠤᠯᠴᠠᠯᠭ᠎ᠠ ᠶᠢ ᠨᠢᠭᠡ ᠴᠣᠭᠴᠠᠵᠢᠭᠤᠯᠤᠭᠰᠠᠨ ᠲᠤᠰᠬᠠᠶ ᠮᠡᠷᠭᠡᠵᠢᠯ ᠤᠨ ᠡᠵᠡᠯᠡᠬᠦ ᠬᠠᠷᠢᠴᠠᠯ ᠢ 50% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠂ ᠡᠯ᠎ᠡ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠤᠷ᠎ᠠ ᠮᠡᠷᠭᠡᠵᠢᠯ ᠤᠨ ᠪᠣᠯᠪᠠᠰᠤᠷᠠᠯ ᠤᠨ ᠬᠡᠪᠴᠢᠶ᠎ᠡ ᠶᠢ 35 ᠲᠦᠮᠡᠨ ᠬᠥᠮᠦᠨ ᠤᠳᠠᠭ᠎ᠠ ᠠᠴᠠ ᠳᠡᠭᠡᠭᠰᠢ ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢᠨ ᠡᠯᠰᠡᠬᠦ ᠬᠡᠪᠴᠢᠶ᠎ᠡ ᠶᠢ 3000 ᠬᠥᠮᠦᠨ ᠳᠤ ᠬᠦᠷᠲᠡᠯ᠎ᠡ ᠥᠷᠭᠡᠳᠭᠡᠨ᠎ᠡ᠃ ᠨᠠᠮ ᠤᠨ ᠭᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠶᠡᠭᠡ ᠳᠡᠭᠡᠳᠦ ᠰᠤᠷᠭᠠᠭᠤᠯᠢ᠂ ᠠᠷᠰᠠᠷ ᠠᠵᠢᠯ ᠤᠨ ᠵᠠᠬ᠎ᠠ ᠳᠡᠯᠭᠡᠭᠦᠷ ᠵᠡᠷᠭᠡ ᠳᠤ ᠲᠦᠰᠢᠭᠯᠡᠨ 300 ︽ᠬᠡᠷ ᠤᠨ ᠡᠭᠦᠳᠡ︾ ᠳᠤ ᠠᠵᠢᠯ ᠣᠯᠭᠤᠬᠤ ᠦᠢᠯᠡᠴᠢᠯᠡᠭᠡᠨ ᠤ ᠥᠷᠲᠡᠭᠡ ᠶᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ︽ᠠᠵᠢᠯ ᠣᠯᠭᠤᠯᠲᠠ ᠶᠢᠨ ᠥᠪᠥᠷ ᠮᠣᠩᠭᠤᠯ︾ ᠠᠵᠢᠯ ᠡᠷᠢᠬᠦ ᠤᠷᠢᠨ ᠡᠯᠰᠡᠬᠦ ᠲᠠᠪᠴᠠᠩ ᠵᠡᠷᠭᠡ ᠶᠢ ᠪᠦᠷᠢᠯᠳᠦᠭᠦᠯᠵᠦ᠂ ᠠᠵᠢᠯ ᠣᠯᠭᠤᠯᠲᠠ ᠶᠢᠨ ᠮᠡᠳᠡᠭᠡ ᠵᠠᠩᠭᠢᠴᠢᠯᠠᠯᠲᠠ ᠶᠢᠨ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号