ᠴᠠᠭᠠᠨ ᠰᠠᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ | ᠡᠵᠡᠩᠨᠡᠭᠴᠢ ᠶᠢ ᠨᠡᠶᠢᠲᠡ 7292 ᠡᠷᠦᠬᠡ ᠤᠳᠠᠭ᠎ᠠ᠂ ᠪᠠᠶᠢᠭᠤᠯᠭ᠎ᠠ ᠶᠢᠨ ᠬᠤᠭᠤᠯᠠᠨ ᠭᠡᠷ ᠢ ᠨᠡᠶᠢᠲᠡ 467 ᠡᠷᠦᠬᠡ | ᠤᠳᠠᠭ᠎ᠠ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ 607 ᠬᠤᠪᠢ ᠢᠯᠡᠷᠡᠭᠦᠯᠵᠦ᠂ | ᠨᠢᠭᠡᠨᠲᠡ ᠲᠤᠬᠠᠶ ᠢᠢᠨ ᠲᠠᠯᠠᠪᠠᠶ ᠳᠤ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠪᠠ᠂ ᠡᠭᠦᠨ ᠳᠤ ᠵᠠᠷᠯᠢᠭᠳᠠᠨ | ᠵᠠᠯᠠᠷᠠᠭᠤᠯᠬᠤ ᠮᠡᠳᠡᠭᠳᠡᠯ ᠤᠨ ᠪᠢᠴᠢᠭ ᠢ 6 ᠬᠤᠪᠢ ᠪᠠᠭᠤᠯᠭᠠᠵᠤ᠂ 3 ᠬᠤᠪᠢ ᠶᠢ ᠬᠡᠷᠡᠭ ᠪᠣᠯᠭᠠᠨ ᠳᠡᠩᠰᠡᠯᠡᠵᠦ | ᠪᠠᠶᠢᠴᠠᠭᠠᠨ ᠰᠢᠢᠳᠪᠦᠷᠢᠯᠡᠪᠡ᠃ | ᠡᠯ᠎ᠡ ᠭᠠᠵᠠᠷ ᠤᠨ ᠬᠢᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠯ᠎ᠡ ᠲᠥᠷᠥᠯ ᠤᠨ ᠢᠳᠡᠭᠡᠨ ᠤᠮᠳᠠᠭᠠᠨ ᠤ | ᠨᠢᠭᠡᠴᠢ ᠶᠢᠨ ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠪᠠᠶᠢᠳᠠᠯ᠂ ᠠᠵᠢᠯ ᠡᠷᠭᠢᠯᠡᠭᠰᠡᠳ ᠤᠨ | ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠬᠠᠳᠠᠭᠠᠯᠠᠬᠤ᠂ | ᠡᠳ᠋ᠰᠢᠭᠦᠯᠦᠨ ᠦᠢᠯᠡᠳᠬᠦ ᠶᠠᠪᠤᠴᠠ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠢᠳᠡᠭᠡᠨ ᠤ | ᠥᠯᠢᠭᠡᠷ ᠡᠳ᠋ ᠦᠯᠡᠳᠡᠭᠡᠬᠦ᠂ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠶᠢ ᠬᠤᠷᠢᠭᠯᠠᠬᠤ ᠵᠡᠷᠭᠡ ᠲᠠᠯ᠎ᠠ ᠳᠤ | ᠴᠢᠭᠯᠡᠭᠦᠯᠦᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠪᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠢ | ᠵᠣᠬᠢᠴᠠᠭᠤᠯᠤᠨ ︽ᠪᠢᠲᠡᠭᠦᠨ ᠤ ᠬᠤᠭᠤᠯᠠ︾ ᠳᠤ ᠲᠤᠰᠬᠠᠶ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ | ᠬᠠᠮᠲᠤᠷᠠᠨ ᠥᠷᠨᠢᠭᠦᠯᠵᠦ᠂ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠡᠵᠡᠮᠳᠡᠵᠦ᠂ ᠬᠡᠷᠡᠭ ᠢ ᠪᠠᠶᠢᠴᠠᠭᠠᠨ | ᠰᠢᠢᠳᠪᠦᠷᠢᠯᠡᠬᠦ ᠪᠠ ᠢᠯᠡᠴᠢᠯᠡᠬᠦ ᠡᠷᠴᠢᠮ ᠢᠶᠠᠨ ᠴᠢᠩᠭᠠᠷᠠᠭᠤᠯᠪᠠ᠃ ᠪᠠᠶᠠᠷ ᠤᠨ ᠡᠳᠦᠷ ᠤᠨ ᠬᠤᠯᠪᠣᠭᠳᠠᠯ ᠪᠦᠬᠦᠢ | ᠢᠳᠡᠭᠡᠨ ᠤ ᠠᠮᠤᠷ ᠲᠦᠪᠰᠢᠨ ᠤ ᠬᠡᠷᠡᠭᠯᠡᠭᠡ ᠶᠢᠨ ᠰᠠᠨᠠᠭᠤᠯᠤᠮᠵᠢ ᠶᠢ ᠴᠠᠭ ᠲᠤᠬᠠᠶ ᠳᠤᠨᠢ ᠨᠡᠶᠢᠲᠡᠯᠡᠵᠦ᠂ | ᠬᠡᠷᠡᠭᠯᠡᠭᠴᠢᠳ ᠤᠨ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠭ᠎ᠠ ᠶᠢ ᠴᠠᠭ ᠲᠤᠬᠠᠶ ᠳᠤᠨᠢ ᠬᠦᠯᠢᠶᠡᠨ ᠠᠪᠴᠤ | ᠰᠢᠢᠳᠪᠦᠷᠢᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ | ᠠᠷᠭᠠᠴᠠᠭᠠᠬᠤ ᠠᠵᠢᠯ ᠢ ᠰᠠᠶᠢᠲᠤᠷ ᠬᠢᠪᠡ᠃ ᠰᠤᠷᠭᠠᠭᠤᠯᠢ ᠶᠢᠨ ᠬᠤᠭᠤᠯᠠᠨ ᠭᠡᠷ᠂ ᠰᠦᠯᠵᠢᠶ᠎ᠡ ᠪᠠᠷ ᠬᠤᠭᠤᠯᠠ | ᠬᠦᠷᠭᠡᠬᠦ ᠠᠵᠢᠯ ᠡᠷᠬᠢᠯᠡᠵᠦ ᠪᠠᠶᠢᠭ᠎ᠠ ᠢᠳᠡᠭᠡᠨ ᠤᠮᠳᠠᠭᠠᠨ ᠤ ᠨᠢᠭᠡᠴᠢ ᠪᠠ ᠣᠨᠴᠠᠯᠢᠭᠲᠤ ᠢᠳᠡᠭᠡᠨ ᠤᠮᠳᠠᠭᠠᠨ ᠤ | ᠵᠡᠭᠡᠯᠢ ᠭᠤᠳᠤᠮᠵᠢ ᠶᠢ ᠭᠤᠤᠯᠳᠠᠯᠭ᠎ᠠ ᠲᠠᠢ ᠪᠠᠶᠢᠴᠠᠭᠠᠪᠠ᠃ ᠢᠳᠡᠭᠡᠨ ᠤ ᠲᠦᠭᠦᠬᠡᠶ ᠮᠠᠲ᠋ᠧᠷᠢᠶᠠᠯ ᠢ ᠤᠷᠢᠳᠴᠢᠯᠠᠨ | ᠰᠢᠢᠳᠪᠦᠷᠢᠯᠡᠬᠦ᠂ ᠲᠤᠭᠤᠭᠠᠯᠠᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠢᠳᠡᠭᠡᠨ ᠤ ᠲᠦᠭᠦᠬᠡᠶ ᠮᠠᠲ᠋ᠧᠷᠢᠶᠠᠯ ᠤᠨ | ᠢᠷᠡᠯᠲᠡ ᠶᠢ ᠮᠦᠷᠳᠡᠬᠦ ᠵᠡᠷᠭᠡ ᠭᠤᠭᠴᠤᠭ᠎ᠠ ᠶᠢ ᠪᠥᠬᠦ ᠲᠠᠯ᠎ᠠ ᠪᠠᠷ ᠬᠢᠨᠠᠨ ᠬᠠᠮᠢᠶᠠᠷᠴᠤ᠂ ᠪᠠᠶᠠᠷ ᠤᠨ ᠡᠳᠦᠷ ᠤᠨ | ᠬᠤᠭᠤᠴᠠᠭᠠᠨ ᠳᠤ ᠢᠳᠡᠭᠡᠨ ᠤᠮᠳᠠᠭᠠᠨ ᠤ ᠠᠮᠤᠷ ᠲᠦᠪᠰᠢᠨ ᠢ ᠲᠠᠰᠤᠷᠠᠯᠲᠠ ᠥᠬᠡᠶ ᠪᠠᠶᠢᠴᠠᠭᠠᠪᠠ᠃ ᠴᠠᠭᠠᠨ | ᠰᠠᠷ᠎ᠠ ᠠᠴᠠ ᠡᠮᠦᠨ᠎ᠡ ᠪᠠᠰᠠ ︽ᠪᠢᠲᠡᠭᠦᠨ ᠤ ᠬᠤᠭᠤᠯᠠ︾ ᠶᠢᠨ ᠢᠳᠡᠭᠡᠨ ᠤ ᠠᠮᠤᠷ ᠲᠦᠪᠰᠢᠨ ᠤ ᠲᠤᠰᠬᠠᠶ | ᠪᠠᠶᠢᠴᠠᠭᠠᠯᠲᠠ ᠶᠢ ᠥᠷᠨᠢᠭᠦᠯᠵᠦ᠂ ᠪᠥᠬᠦ ᠣᠷᠣᠨ ᠳᠤ ᠨᠡᠶᠢᠲᠡ 6164 ᠬᠠᠤᠯᠢ ᠬᠡᠷᠡᠭᠵᠢᠭᠦᠯᠬᠦ ᠠᠵᠢᠯᠲᠠᠨ | ᠤᠷᠤᠯᠴᠠᠵᠤ᠂ 3359 ᠡᠵᠡᠩᠨᠡᠯᠲᠡ ᠶᠢᠨ ᠨᠢᠭᠡᠴᠢ ᠶᠢ ᠪᠠᠶᠢᠴᠠᠭᠠᠪᠠ᠃ |