1. ᠶᠠᠭᠤ ᠶᠢ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠭᠡᠬᠦ ᠪᠤᠢ︖ | ᠬᠠᠷᠢᠭᠤᠯᠲᠠ᠄ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ | ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ | ᠬᠤᠪᠢᠷᠠᠭᠤᠯᠬᠤ︾ ᠬᠥᠳᠡᠭᠡ ᠲᠣᠰᠬᠤᠨ ᠤ ᠥᠭᠡᠷᠡᠴᠢᠯᠡᠯᠲᠡ ᠶᠢ ᠵᠢᠭᠠᠵᠤ ᠪᠠᠶᠢᠨ᠎ᠠ᠃ | 2. ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠠᠴᠢ ᠬᠤᠯᠪᠣᠭᠳᠠᠯ ᠨᠢ | ᠶᠠᠭᠤ ᠪᠤᠢ︖ | ᠬᠠᠷᠢᠭᠤᠯᠲᠠ᠄ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠨᠢ ᠬᠥᠳᠡᠭᠡ ᠲᠣᠰᠬᠤᠨ ᠤ | ᠬᠥᠭᠵᠢᠯᠲᠡ ᠶᠢᠨ ᠡᠯᠧᠮᠧᠨ᠋ᠲ ᠢ ᠬᠥᠭᠵᠢᠭᠡᠨ᠂ ᠬᠥᠳᠡᠭᠡ ᠲᠣᠰᠬᠤᠨ ᠤ ᠠᠵᠤ ᠠᠬᠤᠢ ᠶᠢᠨ ᠰᠢᠨ᠎ᠡ ᠬᠥᠳᠡᠯᠭᠡᠬᠦ | ᠬᠦᠴᠦᠨ ᠢ ᠪᠣᠢ ᠪᠣᠯᠭᠠᠬᠤ ᠳᠤ ᠠᠰᠢᠭᠲᠠᠢ ᠶᠤᠮ | 3. ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠪᠣᠳᠠᠲᠠᠢ ᠠᠭᠤᠯᠭ᠎ᠠ ᠨᠢ | ᠶᠠᠭᠤ ᠪᠤᠢ︖ | ᠬᠠᠷᠢᠭᠤᠯᠲᠠ᠄ ᠪᠣᠳᠠᠲᠠᠢ ᠠᠴᠠ ᠠᠪᠴᠤ ᠬᠡᠯᠡᠪᠡᠯ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ | ᠭᠡᠳᠡᠭ ᠨᠢ ᠲᠣᠰᠬᠤᠨ ᠳᠤᠭᠤᠶᠢᠯᠠᠩ ᠤᠨ ᠬᠠᠮᠲᠤ ᠶᠢᠨ ᠡᠬᠢ ᠪᠠᠶᠠᠯᠢᠭ ᠤᠨ ᠡᠳ᠋ ᠬᠥᠷᠥᠩᠭᠡ ᠵᠢᠴᠢ ᠵᠠᠰᠠᠭ ᠤᠨ | ᠣᠷᠳᠣᠨ ᠠᠴᠠ ᠪᠡᠯᠡ ᠣᠷᠣᠭᠤᠯᠤᠨ ᠲᠣᠰᠬᠤᠨ ᠤ ᠬᠠᠮᠲᠤ ᠳᠤ ᠲᠤᠰᠢᠶᠠᠨ ᠬᠠᠮᠢᠶᠠᠷᠤᠭᠤᠯᠵᠤ ᠬᠠᠮᠠᠭᠠᠯᠠᠬᠤ ᠪᠠ | ᠬᠡᠷᠡᠭᠯᠡᠭᠦᠯᠵᠦ ᠪᠣᠯᠬᠤ ᠠᠰᠢᠭ ᠣᠷᠣᠯᠭ᠎ᠠ ᠶᠢᠨ ᠪᠣᠳᠠᠰᠵᠢᠭᠰᠠᠨ ᠡᠳ᠋ ᠬᠥᠷᠥᠩᠭᠡ ᠶᠢ ᠪᠦᠷᠢᠯᠳᠦᠭᠦᠯᠵᠦ᠂ ᠬᠤᠪᠢ | ᠣᠷᠣᠭᠤᠯᠵᠤ ᠬᠤᠷᠰᠢᠬᠤ ᠬᠡᠯᠪᠡᠷᠢ ᠪᠠᠷ ᠪᠡᠯᠡ ᠣᠷᠣᠭᠤᠯᠤᠨ ᠡᠵᠡᠩᠨᠡᠯᠲᠡ ᠶᠢᠨ ᠭᠤᠣᠯ ᠴᠣᠭᠴᠠ ᠳᠤ ᠬᠤᠪᠢ | ᠣᠷᠣᠭᠤᠯᠵᠤ᠂ ᠬᠤᠪᠢ ᠣᠷᠣᠭᠤᠯᠤᠭᠰᠠᠨ ᠡᠷᠬᠡ ᠲᠠᠢ᠂ ᠠᠰᠢᠭ ᠣᠷᠣᠯᠭ᠎ᠠ ᠣᠯᠵᠤ ᠠᠰᠢᠭ ᠬᠤᠪᠢᠶᠠᠬᠤ ᠶᠢ ᠵᠢᠭᠠᠵᠤ | ᠪᠠᠶᠢᠨ᠎ᠠ᠃ ᠪᠡᠯᠡ ᠮᠥᠩᠭᠦ ᠶᠢ ᠬᠤᠪᠢ ᠪᠣᠯᠭᠠᠨ ᠬᠤᠪᠢᠷᠠᠭᠤᠯᠬᠤ ᠭᠡᠳᠡᠭ ᠨᠢ ᠡᠯ᠎ᠡ ᠱᠠᠲᠤᠨ ᠤ ᠡᠳ᠋ ᠤᠨ ᠵᠠᠰᠠᠭ ᠠᠴᠠ | ᠬᠥᠳᠡᠭᠡ ᠲᠣᠰᠬᠤᠨ ᠤ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠡᠯᠡ ᠮᠥᠩᠭᠦ ᠶᠢ ᠵᠢᠭᠠᠵᠤ ᠪᠠᠶᠢᠨ᠎ᠠ᠂ | ᠲᠣᠰᠬᠤᠨ ᠤ ᠬᠠᠮᠲᠤ ᠨᠡᠶᠢᠲᠡ ᠪᠤᠶᠤ ᠲᠠᠷᠢᠶᠠᠴᠢᠳ ᠤᠨ ᠪᠡᠯᠡ ᠮᠥᠩᠭᠦ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ | ᠡᠷᠬᠡ ᠶᠢ ᠡᠮᠬᠢᠯᠡᠨ ᠨᠡᠶᠢᠯᠡᠭᠦᠯᠵᠦ ᠬᠡᠮᠵᠢᠶᠡᠯᠡᠵᠦ᠂ ᠡᠵᠡᠩᠨᠡᠯᠲᠡ ᠶᠢᠨ ᠭᠤᠣᠯ ᠴᠣᠭᠴᠠ ᠳᠤ ᠪᠡᠯᠡ ᠣᠷᠣᠭᠤᠯᠤᠨ | ᠬᠤᠪᠢ ᠣᠷᠣᠭᠤᠯᠵᠤ᠂ ᠬᠤᠪᠢ ᠣᠷᠣᠭᠤᠯᠤᠭᠰᠠᠨ ᠡᠷᠬᠡ ᠲᠠᠢ᠂ ᠠᠰᠢᠭ ᠣᠯᠵᠠᠪᠤᠷᠢ ᠶᠢᠨ ᠠᠰᠢᠭ ᠣᠯᠵᠠᠪᠤᠷᠢ | ᠣᠯᠬᠤ ᠶᠢ ᠵᠢᠭᠠᠵᠤ ᠪᠠᠶᠢᠨ᠎ᠠ᠃ ᠲᠠᠷᠢᠶᠠᠴᠢᠳ ᠰᠠᠶᠢᠨ ᠳᠤᠷ᠎ᠠ ᠠᠴᠠ ᠪᠠᠨ ᠭᠠᠵᠠᠷ ᠰᠢᠷᠣᠢ ᠶᠢᠨ ᠣᠢ ᠰᠢᠭᠤᠢ ᠶᠢᠨ | ᠭᠠᠵᠠᠷ ᠤᠨ ᠡᠵᠡᠩᠨᠡᠬᠦ ᠡᠷᠬᠡ᠂ ᠬᠠᠮᠲᠤ ᠶᠢᠨ ᠡᠳ᠋ ᠬᠥᠷᠥᠩᠭᠡ ᠶᠢᠨ ᠰᠲ᠋ᠣᠺ ᠤᠨ ᠡᠷᠬᠡ᠂ ᠣᠷᠣᠨ ᠰᠠᠭᠤᠴᠠ ᠶᠢᠨ | ᠰᠠᠭᠤᠷᠢ ᠭᠠᠵᠠᠷ ᠤᠨ ᠬᠡᠷᠡᠭᠯᠡᠬᠦ ᠡᠷᠬᠡ᠂ ᠣᠷᠣᠨ ᠰᠠᠭᠤᠴᠠ ᠶᠢᠨ ᠡᠳ᠋ ᠬᠥᠷᠥᠩᠭᠡ ᠶᠢᠨ ᠡᠷᠬᠡ ᠵᠡᠷᠭᠡ ᠵᠢᠴᠢ | ᠥᠪᠡᠷ ᠤᠨ ᠪᠠᠶᠢᠭ᠎ᠠ ᠪᠡᠯᠡ ᠮᠥᠩᠭᠦ᠂ ᠮᠡᠷᠭᠡᠵᠢᠯ ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠢᠶᠠᠷ ᠢᠶᠠᠨ ᠪᠡᠯᠡ | ᠣᠷᠣᠭᠤᠯᠤᠨ ᠡᠵᠡᠩᠨᠡᠯᠲᠡ ᠶᠢᠨ ᠭᠤᠣᠯ ᠴᠣᠭᠴᠠ ᠳᠤ ᠬᠤᠪᠢ ᠣᠷᠣᠵᠤ᠂ ᠬᠤᠪᠢ ᠣᠷᠣᠬᠤ ᠡᠷᠬᠡ ᠪᠠ ᠠᠰᠢᠭ | ᠣᠯᠵᠠᠪᠤᠷᠢ ᠬᠤᠪᠢᠶᠠᠬᠤ ᠶᠢ ᠵᠢᠭᠠᠵᠤ ᠪᠤᠢ᠃ | 4᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠭᠤᠨ ᠤ ︽ᠭᠤᠷᠪᠠ ᠶᠢ ᠬᠤᠪᠢᠷᠠᠭᠤᠯᠬᠤ︾ | ᠥᠭᠡᠷᠡᠴᠢᠯᠡᠯᠲᠡ ᠶᠢᠨ ᠠᠵᠢᠯ ᠬᠡᠵᠢᠶ᠎ᠡ ᠡᠬᠢᠯᠡᠭᠰᠡᠨ ᠪᠤᠢ︖ | ᠬᠠᠷᠢᠭᠤᠯᠲᠠ᠄ 2023 ᠣᠨ ᠤ 7 ᠰᠠᠷ᠎ᠠ ᠶᠢᠨ 20 ᠤ ᠡᠳᠦᠷ᠃ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︽ᠮᠠᠯᠵᠢᠬᠤ ᠲᠠᠷᠢᠶᠠᠯᠠᠬᠤ | ᠣᠷᠣᠨ ᠤ ︿ᠭᠤᠷᠪᠠ ᠶᠢ ᠬᠤᠪᠢᠷᠠᠭᠤᠯᠬᠤ﹀ ᠥᠭᠡᠷᠡᠴᠢᠯᠡᠯᠲᠡ ᠶᠢᠨ ᠵᠠᠭᠪᠤᠷ ᠢ ᠳᠡᠯᠭᠡᠷᠡᠭᠦᠯᠬᠦ ᠶᠢᠨ ᠬᠡᠷᠡᠭᠵᠢᠭᠦᠯᠬᠦ | ᠲᠥᠰᠦᠯ︾ ᠢ ᠳᠠᠷᠤᠮᠠᠯᠯᠠᠨ ᠲᠠᠷᠬᠠᠭᠠᠪᠠ᠃ | 5. ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠥᠷᠨᠢᠭᠦᠯᠬᠦ ᠪᠠᠷᠢᠮᠵᠢᠶ᠎ᠠ ᠨᠢ ᠶᠠᠭᠤ ᠪᠤᠢ︖ | ᠬᠠᠷᠢᠭᠤᠯᠲᠠ᠄ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠭᠤᠣᠯᠳᠠᠯᠭ᠎ᠠ ᠪᠣᠯ ᠵᠠᠬ᠎ᠠ | ᠳᠡᠯᠭᠡᠭᠦᠷ ᠤᠨ ᠲᠣᠭᠲᠠᠴᠠ ᠪᠠ ᠠᠵᠢᠯᠯᠠᠭᠠᠨ ᠤ ᠵᠠᠭᠪᠤᠷ ᠢ ᠣᠷᠣᠭᠤᠯᠤᠨ ᠠᠪᠴᠢᠷᠠᠵᠤ᠂ ᠬᠤᠪᠢ ᠣᠷᠣᠭᠤᠯᠤᠨ | ᠬᠠᠮᠲᠤᠷᠠᠯᠴᠠᠬᠤ ᠪᠠᠷ ᠬᠤᠯᠪᠣᠭᠠᠰᠤ ᠪᠣᠯᠭᠠᠨ᠂ ᠠᠵᠤ ᠦᠢᠯᠡᠰ ᠤᠨ ᠬᠥᠭᠵᠢᠯᠲᠡ ᠪᠠᠷ ᠲᠠᠪᠴᠠᠩ ᠪᠣᠯᠭᠠᠵᠤ᠂ | ᠡᠵᠡᠩᠨᠡᠯᠲᠡ ᠶᠢᠨ ᠭᠤᠣᠯ ᠴᠣᠭᠴᠠ ᠪᠠᠷ ᠬᠥᠲᠥᠯᠥᠨ ᠳᠠᠭᠠᠭᠤᠯᠵᠤ᠂ ᠲᠥᠷᠥᠯ ᠵᠦᠢᠯ ᠢᠶᠠᠷ ᠳᠠᠭᠠᠭᠠᠴᠠ ᠪᠣᠯᠭᠠᠵᠤ᠂ | ᠬᠥᠳᠡᠭᠡ ᠲᠣᠰᠬᠤᠨ ᠤ ᠡᠯ᠎ᠡ ᠲᠥᠷᠥᠯ ᠤᠨ ᠡᠬᠢ ᠪᠠᠶᠠᠯᠢᠭ ᠤᠨ ᠡᠯᠧᠮᠧᠨ᠋ᠲ ᠢ ᠪᠦᠲᠦᠮᠵᠢᠲᠡᠢ ᠠᠮᠢᠳᠤᠯᠢᠭ ᠪᠣᠯᠭᠠᠨ᠎ᠠ᠃ | ᠪᠣᠳᠠᠲᠠᠢ ᠪᠠᠷᠢᠮᠵᠢᠶ᠎ᠠ ᠨᠢ ︽ᠵᠢᠷᠭᠤᠭᠠᠨ ᠪᠠᠶᠢᠬᠤ︾᠂ ᠲᠤᠬᠠᠶᠢᠯᠠᠪᠠᠯ ᠳᠠᠭᠠᠭᠠᠨ ᠠᠪᠬᠤ ᠭᠤᠣᠯ ᠴᠣᠭᠴᠠ ᠪᠠᠶᠢᠬᠤ᠂ | ᠠᠵᠤ ᠦᠢᠯᠡᠰ ᠢ ᠬᠥᠭᠵᠢᠭᠦᠯᠬᠦ᠂ ᠬᠤᠷᠰᠢᠯᠴᠠᠬᠤ ᠲᠥᠷᠥᠯ ᠵᠦᠢᠯ ᠲᠠᠢ᠂ ᠵᠢᠷᠤᠮᠵᠢᠭᠰᠠᠨ ᠭᠡᠷ᠎ᠡ᠂ ᠲᠣᠭᠲᠠᠴᠠ ᠪᠠᠨ | ᠲᠡᠭᠦᠯᠳᠡᠷᠵᠢᠭᠦᠯᠬᠦ᠂ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠲᠠᠢ ᠪᠠᠶᠢᠬᠤ ᠬᠡᠷᠡᠭᠲᠡᠢ᠃ ︽ᠵᠢᠷᠭᠤᠭᠠᠨ ᠪᠠᠶᠢᠬᠤ︾ | ᠪᠣᠯ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠭᠤᠣᠯ ᠬᠦᠴᠦᠨ ᠵᠦᠢᠯ ᠨᠢᠭᠡ ᠴᠦ ᠳᠤᠲᠠᠭᠳᠠᠵᠤ | ᠪᠣᠯᠬᠤ ᠦᠭᠡᠢ᠃ | 6. ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠦᠨᠳᠦᠰᠦᠨ ᠵᠠᠷᠴᠢᠮ ᠨᠢ | ᠶᠠᠭᠤ ᠪᠤᠢ︖ | ᠬᠠᠷᠢᠭᠤᠯᠲᠠ᠄ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠥᠷᠥᠯ ᠬᠤᠪᠢᠶᠠᠨ | ᠵᠢᠯᠣᠭᠤᠳᠬᠤ | 7᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠬᠠᠢ ᠲᠠᠨᠢᠯᠲᠠ ᠳᠤ ᠶᠠᠮᠠᠷ ᠶᠠᠮᠠᠷ ᠪᠤᠷᠤᠭᠤ | ᠣᠷᠣᠨ ᠣᠷᠣᠰᠢᠵᠤ ᠪᠠᠶᠢᠬᠤ ᠪᠤᠢ︖ | ᠬᠠᠷᠢᠭᠤᠯᠲᠠ᠄ ᠨᠢᠭᠡ ᠳᠤ᠂ ᠲᠥᠷᠥ ᠶᠢᠨ ᠪᠣᠳᠣᠯᠭ᠎ᠠ ᠶᠢᠨ ᠲᠠᠨᠢᠯᠲᠠ ᠨᠢ ᠲᠣᠳᠣᠷᠬᠠᠢ ᠦᠭᠡᠢ᠃ ᠡᠬᠢ | ᠪᠠᠶᠠᠯᠢᠭ ᠢ ᠳᠠᠭᠠᠭᠠᠴᠢᠯᠠᠭᠤᠯᠬᠤ᠂ ᠡᠳ᠋ ᠬᠥᠷᠥᠩᠭᠡ ᠶᠢ ᠲᠦᠷᠢᠶᠡᠰᠦᠯᠡᠭᠦᠯᠬᠦ ᠪᠣᠯ ᠴᠥᠮ ︽ᠭᠤᠷᠪᠠ ᠶᠢ | ᠬᠤᠪᠢᠷᠠᠭᠤᠯᠬᠤ︾ ᠥᠭᠡᠷᠡᠴᠢᠯᠡᠯᠲᠡ ᠮᠥᠨ ᠭᠡᠵᠦ ᠬᠡᠰᠡᠭ ᠭᠠᠵᠠᠷ ᠣᠷᠣᠨ ᠳᠥᠭᠦᠮ ᠢᠶᠠᠷ ᠦᠵᠡᠵᠦ ᠪᠠᠶᠢᠨ᠎ᠠ᠃ | ᠬᠤᠶᠠᠷ ᠲᠤ ᠤᠬᠠᠭᠳᠠᠬᠤᠨ ᠢ ᠬᠤᠳᠬᠤᠯᠳᠤᠬᠤᠯᠬᠤ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠳᠦᠷᠢᠮ ᠤᠨ ᠥᠭᠡᠷᠡᠴᠢᠯᠡᠯᠲᠡ ᠪᠡᠶᠡᠯᠡᠭᠳᠡᠵᠦ᠂ ᠰᠲ᠋ᠣᠺ ᠤᠨ ᠡᠷᠬᠡ ᠶᠢᠨ ᠦᠨᠡᠮᠯᠡᠯ ᠢ ᠲᠠᠷᠬᠠᠭᠠᠵᠤ᠂ | ᠲᠠᠷᠢᠶᠠᠴᠢᠳ ᠬᠤᠪᠢ ᠣᠷᠣᠭᠤᠯᠤᠭᠴᠢᠳ ᠪᠣᠯᠵᠣ᠂ ︽ᠭᠤᠷᠪᠠ ᠶᠢ ᠬᠤᠪᠢᠷᠠᠭᠤᠯᠬᠤ︾ ᠶᠠᠪᠤᠳᠠᠯ ᠪᠡᠶᠡᠯᠡᠭᠳᠡᠪᠡ ᠭᠡᠵᠦ | ᠦᠵᠡᠵᠦ ᠪᠠᠶᠢᠨ᠎ᠠ᠃ ᠭᠤᠷᠪᠠ ᠳᠤ ᠲᠠᠶᠢᠯᠲᠠ ᠶᠢ ᠥᠷᠥᠭᠡᠰᠦᠭᠡᠯᠴᠢᠯᠡᠬᠦ᠃ ᠣᠨᠴᠠ ᠵᠠᠷᠢᠮ ᠭᠠᠵᠠᠷ ᠣᠷᠣᠨ ᠨᠢ | ᠲᠦᠷᠢᠶᠡᠰᠦᠯᠡᠯ ᠤᠨ ᠭᠡᠷ᠎ᠡ ᠶᠢ ᠳᠥᠭᠦᠮᠬᠡᠨ ᠢᠶᠠᠷ ᠬᠤᠪᠢ ᠣᠷᠣᠭᠤᠯᠤᠭᠰᠠᠨ ᠭᠡᠷ᠎ᠡ ᠪᠣᠯᠭᠠᠨ ᠥᠭᠡᠷᠡᠴᠢᠯᠡᠵᠦ᠂ ᠬᠤᠪᠢ | ᠣᠷᠣᠭᠤᠯᠤᠨ ᠬᠠᠮᠲᠤᠷᠠᠯᠴᠠᠬᠤ ᠨᠢ ᠬᠡᠯᠪᠡᠷᠢ ᠶᠢᠨ ᠲᠡᠳᠦᠢ ᠶᠤᠮ᠃ |