ᠮᠠᠯᠴᠢᠨ ᠳᠠᠷᠢᠶᠠᠴᠢᠳ ᠬᠤᠷᠠᠭ᠎ᠠ ᠳᠤᠰᠴᠦ ᠶᠠᠭᠠᠷᠠᠯᠳᠤᠨ᠎ᠠ
ᠨᠡᠶᠢᠲᠡᠯᠡᠭᠰᠡᠨ ᠴᠠᠭ᠄
2025/2/20
    ᠣᠶᠢᠷ᠎ᠠ ᠶᠢᠨ ᠡᠳᠦᠷ ᠤᠳ ᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠭᠠᠵᠠᠷ ᠤᠨ ᠬᠢᠨ ᠵᠠᠯᠭᠠᠭ᠎ᠠ ᠪᠠᠷ ᠲᠥᠯ ᠲᠣᠰᠴᠤ ᠪᠤᠶᠢᠵᠢᠭᠤᠯᠬᠤ ᠬᠤᠭᠤᠴᠠᠭᠠᠨ ᠳᠤ ᠣᠷᠣᠵᠤ᠂ ᠮᠠᠯᠴᠢᠳ ᠤᠨ ᠶᠠᠭᠠᠷᠠᠯᠲᠠᠢ ᠪᠠᠶᠢᠬᠤ ᠭᠠᠵᠠᠷ ᠪᠣᠯᠭᠠᠨ ᠳᠤ ᠬᠠᠷᠠᠭᠳᠠᠨ᠎ᠠ᠃     ᠬᠠᠪᠤᠷ ᠤᠨ ᠬᠦᠢᠲᠡᠨ ᠠᠭᠤᠷ ᠠᠮᠢᠰᠬᠤᠯ ᠠᠰᠬᠠᠷᠠᠵᠤ᠂ ᠬᠠᠰᠢᠶ᠎ᠠ ᠰᠠᠷᠠᠪᠴᠢᠨ ᠳᠤ ᠬᠠᠷᠢᠨ ᠳᠤᠯᠠᠭᠠᠨ᠂ ᠨᠢᠭᠡ ᠠᠮᠢᠳᠤ ᠴᠣᠪᠣᠭᠤᠯᠢᠭ ᠬᠤᠷᠠᠭ᠎ᠠ ᠲᠠᠷᠭᠤ ᠬᠦᠴᠦ ᠰᠠᠶᠢᠲᠠᠢ ᠪᠠᠶᠢᠳᠠᠭ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ᠪᠠᠶᠠᠨ᠋ᠠ᠋ᠭᠤᠯᠠ ᠭᠠᠴᠠᠭᠠᠨ ᠤ ᠮᠠᠯᠴᠢᠨ ᠴᠢᠨ ᠸᠧᠨ ᠪᠦᠦ ᠬᠤᠷᠠᠭᠠᠨ ᠳᠤ ︽ᠰᠢᠮ᠎ᠡ ᠲᠡᠵᠢᠭᠡᠯ ᠤᠨ ᠬᠤᠭᠤᠯᠠ︾ ᠨᠡᠮᠡᠬᠦ᠂ ᠰᠢᠨ᠎ᠡ ᠪᠠᠷ ᠲᠥᠷᠥᠭᠰᠡᠨ ᠬᠤᠷᠠᠭ᠎ᠠ ᠶᠢ ᠪᠠᠶᠢᠴᠠᠭᠠᠬᠤ ᠪᠠᠷ ᠶᠠᠭᠠᠷᠠᠵᠤ ᠪᠠᠶᠢᠨ᠎ᠠ᠃ ᠮᠠᠯᠴᠢᠨ ᠲᠠᠷᠢᠶᠠᠴᠢᠳ ᠲᠤ ᠠᠪᠴᠤ ᠬᠡᠯᠡᠪᠡᠯ᠂ ᠲᠥᠯ ᠲᠤᠰᠬᠤ ᠨᠢ ᠰᠢᠨ᠎ᠡ ᠨᠢᠭᠡ ᠵᠢᠯ ᠤᠨ ᠬᠦᠰᠡᠯ ᠡᠷᠡᠮᠡᠯᠵᠡᠯ ᠢ ᠬᠠᠷᠠᠭᠤᠯᠵᠤ ᠪᠠᠶᠢᠨ᠎ᠠ᠃ ᠴᠢᠨ ᠸᠧᠨ ᠪᠦᠦ ᠡᠮ᠎ᠡ ᠬᠤᠨᠢᠨ ᠳᠤ ᠱᠢᠮ᠎ᠡ ᠲᠡᠵᠢᠭᠡᠯᠲᠦ ᠬᠤᠭᠤᠯᠠ ᠨᠡᠮᠡᠵᠦ ᠥᠭᠪᠡ᠃ ︽ᠮᠠᠨ ᠤ ᠭᠡᠷ ᠣᠳᠣ 200 ᠰᠠᠭᠤᠷᠢ ᠡᠮ᠎ᠡ ᠬᠤᠨᠢ ᠲᠡᠵᠢᠭᠡᠵᠦ᠂ ᠭᠤᠣᠯᠳᠠᠭᠤ ᠡᠭᠦᠯᠳᠡᠷ ᠰᠠᠶᠢᠵᠢᠷᠠᠭᠤᠯᠤᠭᠰᠠᠨ ᠪᠠᠶᠢᠰᠠᠨᠰᠠᠹᠣᠺ ᠢᠶᠠᠷ ᠭᠤᠣᠯ ᠪᠣᠯᠭᠠᠵᠤ᠂ ᠣᠳᠣᠬᠠᠨ ᠳᠤ 120 ᠭᠠᠷᠤᠢ ᠲᠥᠯ ᠢ ᠲᠤᠰᠴᠤ᠂ ᠲᠡᠭᠦᠨ ᠤ ᠥᠰᠥᠯᠲᠡ ᠶᠢᠨ ᠬᠤᠷᠳᠤᠴᠠ ᠨᠢ ᠲᠦᠷᠭᠡᠨ᠂ ᠮᠢᠬᠠᠨ ᠤ ᠦᠢᠯᠡᠳᠬᠦ ᠴᠢᠳᠠᠪᠤᠷᠢ ᠨᠢ ᠴᠢᠩᠭ᠎ᠠ᠂ ᠠᠷᠠᠴᠢᠯᠠᠨ ᠬᠠᠮᠢᠶᠠᠷᠬᠤ ᠳᠤ ᠬᠢᠯᠪᠠᠷ᠂ ᠪᠠᠰᠠ 80 ᠭᠠᠷᠤᠢ ᠬᠤᠨᠢ ᠶᠢ ᠲᠤᠰᠴᠤ ᠳᠠᠭᠤᠰᠬᠠᠪᠠ᠂ ᠡᠨᠡ ᠵᠢᠯ ᠤᠨ ᠬᠠᠪᠤᠷ ᠤᠨ ᠲᠥᠯ ᠲᠤᠰᠬᠤ ᠨᠢ ᠳᠠᠭᠤᠰᠴᠠᠢ︾ ᠭᠡᠪᠡ᠃  ᠴᠢᠨ ᠸᠧᠨ ᠪᠦᠦ ᠶᠢᠨ ᠬᠤᠨᠢ ᠨᠢ ᠪᠠᠷᠤᠭ ᠪᠦᠷ ᠡᠭᠦᠯᠳᠡᠷ ᠰᠠᠶᠢᠵᠢᠷᠠᠭᠤᠯᠤᠭᠰᠠᠨ ᠪᠠᠶᠢᠨ᠎ᠠ᠂ ᠡᠭᠦᠯᠳᠡᠷ ᠰᠠᠶᠢᠵᠢᠷᠠᠭᠤᠯᠤᠭᠰᠠᠨ ᠤ ᠳᠠᠷᠠᠭ᠎ᠠ ᠬᠤᠨᠢᠨ ᠤ ᠵᠠᠬ᠎ᠠ ᠳᠡᠯᠭᠡᠭᠦᠷ ᠤᠨ ᠦᠨ᠎ᠡ ᠨᠢ ᠲᠤᠬᠠᠢ ᠶᠢᠨ ᠭᠠᠵᠠᠷ ᠤᠨ ᠬᠤᠨᠢ ᠠᠴᠠ ᠭᠤᠷᠪᠠ ᠳᠥᠷᠪᠡᠨ ᠵᠠᠭᠤᠨ ᠲᠥᠭᠦᠷᠢᠭ ᠥᠨᠳᠥᠷ ᠪᠣᠯᠵᠤ᠂ ᠦᠢᠯᠡᠳᠪᠦᠷᠢᠯᠡᠯ ᠤᠨ ᠨᠣᠷᠮ᠎ᠠ ᠪᠠ ᠡᠪᠡᠳᠴᠢᠨ ᠢ ᠡᠰᠡᠷᠭᠦᠴᠡᠬᠦ ᠴᠢᠨᠠᠷ ᠨᠢ ᠴᠤ ᠳᠡᠭᠡᠭᠰᠢᠯᠡᠵᠦ᠂ ᠦᠷ᠎ᠡ ᠠᠰᠢᠭ ᠨᠢ ᠵᠢᠯ ᠳᠠᠷᠠᠭᠠᠯᠠᠨ ᠳᠡᠭᠡᠭᠰᠢᠯᠡᠪᠡ᠃  ᠠᠳᠠᠯᠢ ᠪᠠᠷ᠂ ᠳᠥᠷᠥᠯᠵᠢ ᠪᠠᠯᠭᠠᠰᠤᠨ ᠤ ᠪᠠᠶᠠᠨ ᠠᠭᠤᠯᠠ ᠭᠠᠴᠠᠭᠠᠨ ᠤ ᠮᠠᠯᠴᠢᠨ ᠼᠤᠤ ᠬᠠᠢ ᠾᠧ ᠤᠨ ᠭᠡᠷ ᠴᠦ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠪᠠᠶᠢᠳᠠᠯ ᠪᠢᠯᠬᠠᠵᠤ᠂ ᠲᠡᠳᠡᠨ ᠤ ᠭᠡᠷ ᠤᠨ ᠬᠢᠨ ᠨᠡᠶᠢᠲᠡ 400 ᠭᠠᠷᠤᠢ ᠬᠤᠨᠢ ᠲᠡᠵᠢᠭᠡᠵᠦ᠂ ᠡᠭᠦᠨ ᠤ ᠳᠣᠲᠣᠷ᠎ᠠ ᠰᠠᠭᠤᠷᠢ ᠡᠮ᠎ᠡ ᠬᠤᠨᠢ 300 ᠭᠠᠷᠤᠢ ᠪᠠᠶᠢᠵᠤ᠂ ᠣᠳᠣ ᠶᠠᠭ ᠶᠠᠭᠠᠷᠠᠤ ᠱᠠᠲᠤ ᠦᠶ᠎ᠡ ᠪᠣᠯᠵᠠᠢ᠃ ︽ᠮᠠᠨ ᠤ ᠭᠡᠷ ᠤᠨ ᠬᠢᠨ 300 ᠭᠠᠷᠤᠢ ᠰᠠᠭᠤᠷᠢ ᠡᠮ᠎ᠡ ᠬᠤᠨᠢ ᠲᠡᠵᠢᠭᠡᠵᠦ᠂ ᠣᠳᠣ 180 ᠰᠢᠬᠠᠮ ᠲᠥᠯ ᠲᠣᠰᠴᠤ᠂ 150 ᠭᠠᠷᠤᠢ ᠢᠰᠢᠭᠡ ᠲᠤᠰᠴᠤ᠂ ᠡᠨᠡ ᠵᠢᠯ ᠤᠨ ᠣᠷᠣᠯᠭ᠎ᠠ ᠨᠢ ᠪᠠᠷᠤᠭ 15 ᠲᠦᠮᠡᠨ ᠲᠥᠭᠦᠷᠢᠭ ᠣᠷᠴᠢᠮ ᠪᠣᠯᠵᠠᠢ᠃     ᠲᠥᠯ ᠲᠣᠰᠴᠤ ᠪᠤᠶᠢᠵᠢᠭᠤᠯᠬᠤ ᠨᠢ ᠮᠠᠯᠴᠢᠳ ᠤᠨ ᠨᠢᠭᠡ ᠵᠢᠯ ᠤᠨ ᠬᠤᠷᠢᠶᠠᠯᠲᠠ ᠶᠢ ᠨᠥᠯᠥᠭᠡᠯᠡᠵᠦ᠂ ᠲᠤᠰ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠳᠥᠷᠥᠯᠵᠢ ᠪᠠᠯᠭᠠᠰᠤ ᠮᠠᠯᠴᠢᠳ ᠲᠤ ᠮᠡᠷᠭᠡᠵᠢᠯ ᠤᠨ ᠳᠡᠮᠵᠢᠯᠭᠡ ᠬᠠᠩᠭᠠᠬᠤ ᠶᠢᠨ ᠬᠠᠮᠲᠤ ᠮᠠᠯᠴᠢᠳ ᠢ ᠰᠠᠨᠠᠭᠤᠯᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠪᠷᠦ᠋ᠼᠧᠯ ᠡᠪᠡᠳᠴᠢᠨ ᠤ ᠬᠠᠯᠳᠠᠪᠤᠷᠢᠯᠠᠯ ᠢ ᠰᠡᠷᠭᠡᠶᠢᠯᠡᠪᠡ᠃ ︽ᠡᠨᠡ ᠬᠦ ᠮᠠᠯᠴᠢᠨ ᠲᠥᠯ ᠲᠤᠰᠬᠤ ᠶᠠᠪᠤᠴᠠ ᠳᠤ᠂ ᠪᠢᠳᠡ ᠮᠠᠯᠴᠢᠳ ᠲᠤ ᠲᠥᠯ ᠲᠤᠰᠬᠤ ᠠᠴᠠ ᠡᠮᠦᠨᠡᠬᠢ ᠪᠡᠯᠡᠳᠬᠡᠯ ᠢᠶᠠᠨ ᠰᠠᠶᠢᠲᠤᠷ ᠬᠢᠬᠦ ᠶᠢ ᠰᠠᠨᠠᠭᠤᠯᠪᠠ᠃ ᠵᠢᠱᠢᠶᠡᠯᠡᠪᠡᠯ ᠨᠢᠭᠡ ᠯᠡ ᠤᠳᠠᠭ᠎ᠠ ᠶᠢᠨ ᠴᠢᠨᠠᠷᠲᠠᠢ ᠠᠮᠠᠪᠴᠢ᠂ ᠨᠢᠭᠡ ᠯᠡ ᠤᠳᠠᠭ᠎ᠠ ᠶᠢᠨ ᠴᠢᠨᠠᠷᠲᠠᠢ ᠪᠡᠭᠡᠯᠡᠢ᠂ ᠪᠠᠰᠠ ᠢᠣᠳ᠋ ᠪᠠ ᠰᠫᠢᠷᠲ ᠵᠡᠷᠭᠡ ᠠᠷᠢᠭᠤᠳᠬᠠᠬᠤ ᠪᠣᠳᠠᠰ ᠪᠠᠶᠢᠨ᠎ᠠ᠃ ᠲᠥᠯ ᠲᠤᠰᠬᠤ ᠶᠠᠪᠤᠴᠠ ᠳᠤ ᠨᠢᠭᠡ ᠯᠡ ᠤᠳᠠᠭ᠎ᠠ ᠶᠢᠨ ᠴᠢᠨᠠᠷᠲᠠᠢ ᠠᠮᠠᠪᠴᠢ ᠵᠡᠭᠦᠬᠦ ᠬᠡᠷᠡᠭᠲᠡᠢ᠃ ᠬᠤᠷᠠᠭ᠎ᠠ ᠪᠠᠨ ᠠᠪᠴᠤ ᠪᠠᠷᠠᠭᠰᠠᠨ ᠤ ᠳᠠᠷᠠᠭ᠎ᠠ ᠭᠠᠷ ᠢᠶᠠᠨ ᠠᠷᠢᠭᠤᠳᠬᠠᠵᠤ ᠪᠷᠦ᠋ᠼᠧᠯ ᠡᠪᠡᠳᠴᠢᠨ ᠢ ᠰᠡᠷᠭᠡᠶᠢᠯᠡᠨ᠎ᠡ᠃ ᠡᠳᠡᠭᠡᠷ ᠵᠢᠯ ᠳᠤ᠂ ᠪᠢᠳᠡ ᠪᠷᠦ᠋ᠼᠧᠯ ᠡᠪᠡᠳᠴᠢᠨ ᠢ ᠰᠡᠷᠭᠡᠶᠢᠯᠡᠬᠦ ᠤᠬᠠᠭᠤᠯᠭ᠎ᠠ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠮᠠᠯᠴᠢᠳ ᠲᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠴᠠᠭ ᠲᠤᠬᠠᠢ ᠳᠤᠨᠢ ᠰᠠᠨᠠᠭᠤᠯᠪᠠ᠃︾ ᠳᠥᠷᠥᠯᠵᠢ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠠᠵᠢᠯᠲᠠᠨ ᠰᠢᠦᠢ ᠳ᠋ᠦᠩ ᠬᠠᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号