ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 98 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/20
   2 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 98 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2025 ᠣᠨ ᠤ ︽ᠭᠤᠷᠪᠠᠨ ᠨᠠᠷᠢᠨ ᠳᠠᠩᠰᠠ︾ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠶᠠᠷᠢᠯᠴᠠᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠠᠭᠤᠰᠤᠯᠴᠠᠵᠤ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠰᠢᠭᠲᠠᠢ ᠠᠵᠠ ᠲᠣᠬᠢᠶᠠᠯ ᠢ ᠠᠮᠵᠢᠨ᠂ ᠵᠡᠭᠦᠨ ᠭᠤᠷᠪᠠᠨ ᠮᠤᠵᠢ ᠯᠤᠭ᠎ᠠ ᠶᠢᠨ ᠭᠤᠣᠯᠳᠠᠯᠭ᠎ᠠ ᠲᠠᠢ ᠠᠵᠤ ᠦᠢᠯᠡᠰ᠂ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ ᠵᠡᠷᠭᠡ ᠲᠠᠯ᠎ᠠ ᠶᠢᠨ ᠭᠦᠨᠵᠡᠭᠡᠢ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠲᠡᠷᠢᠭᠦᠨ ᠤ ᠭᠠᠵᠠᠷ ᠣᠷᠣᠨ ᠤ ᠰᠣᠯᠢᠯᠴᠠᠭ᠎ᠠ ᠬᠠᠮᠲᠤᠷᠠᠯᠴᠠᠭ᠎ᠠ ᠪᠠᠷ ᠳᠠᠮᠵᠢᠭᠤᠯᠤᠨ ᠪᠦᠬᠦ ᠬᠤᠰᠢᠭᠤᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠴᠠᠩᠴᠦ᠋ᠨ ᠤ ᠶᠡᠭᠡ ᠲᠣᠭᠤᠷᠢᠭ ᠲᠤ ᠢᠳᠡᠪᠬᠢᠲᠡᠢ ᠠᠭᠤᠰᠤᠯᠴᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠠᠳᠬᠤᠵᠤ᠂ ︽ᠵᠢᠷᠭᠤᠭᠠᠨ ᠠᠵᠢᠯᠯᠠᠭ᠎ᠠ︾ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠠᠵᠢᠯ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠵᠤ᠂ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠤᠱᠯᠠᠭᠤᠯᠬᠤ ᠭᠤᠣᠯ ᠱᠤᠭᠤᠮ ᠢ ᠭᠤᠣᠯ ᠬᠠᠷᠢᠭᠤᠴᠠᠯᠭ᠎ᠠ ᠭᠤᠣᠯ ᠠᠵᠢᠯ ᠳᠤ ᠭᠦᠢᠴᠡᠳ ᠠᠭᠤᠰᠤᠯᠴᠠᠭᠤᠯᠵᠤ᠂ ᠤᠬᠠᠭᠤᠯᠤᠨ ᠬᠥᠮᠦᠵᠢᠭᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠬᠤᠷᠠᠯ ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠡᠷᠡᠰ ᠵᠣᠷᠢᠭ ᠪᠣᠯᠤᠨ ᠢᠲᠡᠭᠡᠯ ᠵᠣᠷᠢᠭ ᠢᠶᠠᠨ ᠤᠯᠠᠮ ᠴᠢᠨᠠᠭᠰᠢᠳᠠ ᠪᠠᠲᠤᠳᠬᠠᠵᠤ᠂ ᠣᠪᠣᠷ ᠢᠶᠠᠨ ᠬᠤᠪᠢᠷᠠᠭᠤᠯᠬᠤ ᠦᠭᠡᠢ᠂ ᠵᠣᠷᠢᠭ ᠢᠶᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ︽ᠭᠤᠷᠪᠠᠨ ᠦᠯᠦ ᠢᠯᠵᠠᠷᠠᠯ︾ ᠢ ᠨᠢᠭᠡ ᠴᠣᠭᠴᠠᠵᠢᠭᠤᠯᠤᠨ ᠠᠬᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠦᠨᠡᠨ ᠬᠦ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠨᠢᠭᠡᠳᠦᠯᠲᠡᠢ ᠲᠥᠯᠥᠪᠵᠢᠭᠦᠯᠬᠦ ᠪᠠᠨ ᠦᠷᠭᠦᠯᠵᠢᠯᠡᠨ ᠴᠢᠩᠭᠠᠳᠬᠠᠵᠤ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号