ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ | ᠣᠷᠣᠯᠴᠠᠭᠰᠠᠳ ᠤᠨ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠨᠡᠶᠢᠭᠡᠮ ᠤᠨ ᠡᠷᠬᠡ ᠲᠡᠭᠰᠢ ᠪᠠᠶᠢᠬᠤ ᠶᠢ ᠠᠬᠢᠭᠤᠯᠤᠨ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ | ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠳᠦᠷᠢᠮ ᠢ ᠪᠦᠷᠢᠨᠰᠢᠭᠦᠯᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠨᠥᠬᠦᠪᠥᠷᠢ ᠶᠢᠨ ᠠᠵᠢᠯ ᠢ | ᠶᠡᠬᠡᠪᠡᠷ ᠬᠡᠷᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠭᠦᠢᠴᠡᠳ ᠠᠰᠢᠭᠯᠠᠨ᠂ | ᠲᠤᠰ ᠵᠢᠯ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠲᠤᠰᠢᠶᠠᠭᠰᠠᠨ ᠲᠣᠰᠬᠤᠨ ᠤ ᠠᠷᠠᠳ ᠲᠤ ᠨᠥᠬᠦᠪᠥᠷᠢ ᠣᠯᠭᠤᠵᠤ᠂ ᠠᠷᠠᠳ ᠣᠯᠠᠨ ᠳᠤ ᠪᠣᠳᠠᠲᠤ ᠠᠰᠢᠭ | ᠬᠦᠷᠲᠡᠭᠡᠵᠦ᠂ ᠲᠣᠰᠬᠤᠨ ᠤ ᠠᠷᠠᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ | ᠨᠡᠮᠡᠭᠳᠡᠭᠦᠯᠪᠡ᠃ | ᠣᠶᠢᠷ᠎ᠠ ᠳᠤ᠂ ᠪᠠᠶᠠᠨᠮᠠᠩᠬ᠎ᠠ ᠰᠤᠮᠤ ᠶᠢᠨ ᠤᠯᠢᠪᠠᠢ ᠭᠠᠴᠠᠭ᠎ᠠ ᠳᠤ᠂ ᠬᠤᠰᠢᠭᠤᠨ ᠤ ᠨᠡᠶᠢᠭᠡᠮ ᠤᠨ ᠳᠠᠭᠠᠳᠬᠠᠯ ᠤᠨ | ᠲᠣᠪᠴᠢᠶ᠎ᠠ ᠶᠢᠨ ᠠᠵᠢᠯᠲᠠᠳ ᠡᠷᠦᠬᠡ ᠳᠤ ᠬᠦᠷᠴᠦ᠂ ᠲᠣᠰᠬᠤᠨ ᠤ ᠠᠷᠠᠳ ᠲᠤ ᠨᠠᠰᠤᠵᠢᠯ ᠤᠨ ᠳᠠᠭᠠᠳᠬᠠᠯ ᠤᠨ | ᠳᠠᠭᠠᠳᠬᠠᠯ ᠳᠤ ᠣᠷᠣᠯᠴᠠᠬᠤ ᠬᠡᠪᠴᠢᠶ᠎ᠡ᠂ ᠰᠦᠢᠳᠬᠡᠯ ᠲᠤᠰᠢᠶᠠᠬᠤ ᠪᠠᠷᠢᠮᠵᠢᠶ᠎ᠠ ᠵᠡᠷᠭᠡ ᠵᠠᠩᠭᠢᠯᠠᠭ᠎ᠠ ᠶᠢᠨ ᠮᠡᠳᠡᠭᠡ | ᠵᠠᠩᠭᠢ ᠶᠢ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠳᠤ ︽ᠰᠦᠢᠳᠬᠡᠯ ᠲᠤᠰᠢᠶᠠᠬᠤ ᠳᠠᠩᠰᠠ ᠪᠠ ᠠᠰᠢᠭ | ᠣᠯᠵᠠᠪᠤᠷᠢ ᠶᠢᠨ ᠳᠠᠩᠰᠠ︾᠂ ︽ᠨᠢᠳᠦᠨ ᠡᠮᠦᠨᠡᠬᠢ ᠳᠠᠩᠰᠠ ᠪᠠ ᠠᠯᠤᠰ ᠳᠠᠩᠰᠠ︾ ᠶᠢ ᠲᠣᠳᠣᠷᠬᠠᠢ ᠪᠣᠳᠣᠵᠤ | ᠥᠭᠴᠦ᠂ ᠣᠯᠠᠨ ᠲᠦᠮᠡᠨ ᠢ ᠬᠠᠪᠰᠤᠷᠤᠨ ᠲᠥᠷᠥ ᠶᠢᠨ ᠪᠣᠳᠣᠯᠭ᠎ᠠ ᠶᠢ ᠦᠨᠡᠨ ᠬᠦ ᠣᠶᠢᠯᠠᠭᠠᠭᠤᠯᠵᠤ᠂ ᠲᠥᠷᠥ ᠶᠢᠨ | ᠪᠣᠳᠣᠯᠭ᠎ᠠ ᠶᠢ ᠠᠮᠢᠳᠤᠯᠢᠭ ᠢᠶᠠᠷ ᠬᠡᠷᠡᠭᠯᠡᠵᠦ ᠪᠠᠶᠢᠨ᠎ᠠ᠃ ︽ᠣᠳᠣ ᠲᠥᠷᠥ ᠶᠢᠨ ᠪᠣᠳᠣᠯᠭ᠎ᠠ ᠦᠨᠡᠬᠡᠷ ᠰᠠᠶᠢᠨ᠂ ᠬᠤᠪᠢ | ᠬᠥᠮᠦᠨ 200 ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠲᠤᠰᠢᠶᠠᠵᠤ᠂ ᠬᠠᠮᠲᠤ ᠶᠢᠨ ᠠᠵᠤ ᠠᠬᠤᠢ | ᠪᠠᠰᠠ ᠨᠠᠳᠠ ᠳᠤ 200 ᠲᠥᠭᠦᠷᠢᠭ ᠨᠥᠬᠦᠪᠥᠷᠢᠯᠡᠵᠡᠢ᠃ ᠣᠳᠣ ᠢᠯᠡᠭᠦᠦ ᠲᠤᠰᠢᠶᠠᠳᠠᠭ ᠪᠣᠯᠬᠤᠷ ᠪᠢᠳᠡ ᠬᠤᠶᠢᠰᠢᠳᠠ | ᠨᠠᠰᠤᠵᠢᠯ ᠤᠨ ᠠᠰᠠᠷᠠᠮᠵᠢ ᠪᠠᠲᠤᠯᠠᠭ᠎ᠠ ᠲᠠᠢ ᠪᠣᠯᠤᠨ᠎ᠠ︾ ᠭᠡᠪᠡ᠃ ᠪᠠᠶᠠᠨ ᠮᠠᠩᠬ᠎ᠠ ᠰᠤᠮᠤ ᠶᠢᠨ ᠤᠯᠪᠠᠢ ᠭᠠᠴᠠᠭᠠᠨ ᠤ | ᠠᠷᠠᠳ ᠪᠠᠢ ᠬᠢᠴᠢᠶᠡᠯᠲᠦ᠃ ᠬᠠᠮᠲᠤ ᠶᠢᠨ ︽ᠪᠦᠬᠦᠨ ᠢ ᠮᠠᠯᠲᠠᠶᠠ︾᠂ ᠣᠯᠠᠨ ᠲᠦᠮᠡᠨ ᠪᠣᠳᠠᠲᠤ ᠠᠰᠢᠭ ᠬᠦᠷᠲᠡᠭᠰᠡᠨ | ᠪᠠᠶᠢᠨ᠎ᠠ᠂ ᠡᠨᠡ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ ᠳᠣᠣᠷ᠎ᠠ ᠪᠠᠶᠢᠭ᠎ᠠ ᠬᠦᠴᠢᠷ ᠠᠰᠠᠭᠤᠳᠠᠯ ᠢ | ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠬᠠᠮᠲᠤ ᠶᠢᠨ ᠨᠥᠬᠦᠪᠥᠷᠢ ᠶᠢᠨ ᠠᠵᠢᠯ ᠢ ᠶᠡᠬᠡᠪᠡᠷ ᠠᠬᠢᠭᠤᠯᠤᠭᠰᠠᠨ ᠠᠮᠢᠳᠤᠯᠢᠭ | ᠬᠤᠷᠢᠶᠠᠩᠭᠤᠢ ᠳᠦᠷᠰᠦ ᠮᠥᠨ᠃ | ᠣᠳᠣᠬᠠᠨ ᠪᠣᠯᠲᠠᠯ᠎ᠠ᠂ ᠬᠠᠮᠲᠤ ᠶᠢᠨ ᠨᠥᠬᠦᠪᠥᠷᠢ ᠣᠯᠭᠤᠬᠤ ᠲᠥᠷᠥ ᠶᠢᠨ ᠪᠣᠳᠣᠯᠭ᠎ᠠ ᠶᠢ ᠨᠢᠭᠡᠨᠲᠡ 8 ᠰᠤᠮᠤ | ᠪᠠᠯᠭᠠᠰᠤ᠂ 11 ᠭᠠᠴᠠᠭ᠎ᠠ 970 ᠬᠥᠮᠦᠨ ᠪᠠᠶᠢᠵᠤ᠂ 13 ᠲᠦᠮᠡᠨ 6300 ᠲᠥᠭᠦᠷᠢᠭ ᠤᠨ ᠨᠥᠬᠦᠪᠥᠷᠢ ᠥᠭᠪᠡ | ᠂ ᠡᠭᠦᠨ ᠳᠤ ᠪᠠᠶᠠᠨᠮᠠᠩᠬ᠎ᠠ ᠰᠤᠮᠤᠨ ᠤ ᠤᠯᠢᠪᠠᠢ ᠭᠠᠴᠠᠭ᠎ᠠ᠂ ᠪᠠᠶᠠᠨᠨᠠᠭᠤᠷ ᠰᠤᠮᠤ ᠶᠢᠨ ᠬᠤᠯᠪᠣᠭᠠᠲᠤ ᠭᠠᠴᠠᠭ᠎ᠠ ᠨᠢ | ᠭᠠᠴᠠᠭᠠᠨ ᠤ ᠳᠣᠲᠣᠷᠠᠬᠢ ᠨᠥᠬᠦᠴᠡᠯ ᠳᠤ ᠨᠡᠶᠢᠴᠡᠬᠦ ᠪᠤᠢ ᠪᠦᠬᠦᠢ ᠬᠥᠮᠦᠰ ᠢ ᠴᠥᠮ ᠬᠠᠮᠲᠤ ᠶᠢᠨ ᠨᠥᠬᠦᠪᠥᠷᠢ ᠶᠢᠨ | ᠲᠥᠷᠥ ᠶᠢᠨ ᠪᠣᠳᠣᠯᠭ᠎ᠠ ᠳᠤ ᠣᠷᠣᠭᠤᠯᠵᠤ᠂ ᠭᠠᠴᠠᠭᠠᠨ ᠤ ᠬᠠᠮᠲᠤ ᠶᠢᠨ ᠨᠥᠬᠦᠪᠥᠷᠢ ᠶᠢ ᠪᠦᠬᠦᠨ ᠢ ᠬᠠᠮᠤᠷᠬᠤ ᠶᠢ | ᠪᠡᠶᠡᠯᠡᠭᠦᠯᠪᠡ᠃ ︽ᠮᠠᠨ ᠤ ᠭᠠᠴᠠᠭ᠎ᠠ ᠬᠠᠮᠲᠤ ᠶᠢᠨ ᠨᠥᠬᠦᠪᠥᠷᠢ ᠪᠠᠷ ᠳᠠᠮᠵᠢᠭᠤᠯᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠪᠡᠯᠡ ᠴᠤᠭᠯᠠᠭᠤᠯᠬᠤ ᠠᠷᠭ᠎ᠠ ᠵᠠᠮ ᠢ ᠥᠷᠭᠡᠳᠬᠡᠭᠰᠡᠨ ᠢᠶᠠᠷ ᠪᠠᠷᠠᠬᠤ ᠦᠭᠡᠢ᠂ ᠪᠠᠰᠠ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠬᠤᠷᠠᠮᠳᠤᠭᠤᠯᠤᠯ ᠢ ᠢᠯᠡᠳᠲᠡ | ᠴᠢᠩᠭᠠᠳᠬᠠᠵᠤ᠂ ᠲᠣᠰᠬᠤᠨ ᠤ ᠠᠷᠠᠳ ᠲᠤ ᠬᠠᠮᠲᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤ ᠪᠠᠷ ᠬᠦᠷᠲᠡᠭᠡᠪᠡ᠃ ᠳᠠᠷᠠᠭ᠎ᠠ ᠵᠢᠯ ᠪᠢᠳᠡ ᠪᠠᠰᠠ ᠬᠠᠮᠲᠤ ᠶᠢᠨ ᠨᠥᠬᠦᠪᠥᠷᠢ ᠶᠢᠨ ᠬᠦᠷᠢᠶ᠎ᠡ | ᠬᠡᠪᠴᠢᠶ᠎ᠡ ᠪᠠᠨ ᠥᠷᠭᠡᠳᠬᠡᠵᠦ᠂ ᠮᠠᠨ ᠤ ᠭᠠᠴᠠᠭᠠᠨ ᠤ ᠨᠡᠩ ᠣᠯᠠᠨ ᠲᠣᠰᠬᠤᠨ ᠤ ᠠᠷᠠᠳ ᠲᠤ ᠡᠨᠡ ᠬᠦ ᠲᠥᠷᠥ ᠶᠢᠨ | ᠪᠣᠳᠣᠯᠭ᠎ᠠ ᠶᠢ ᠬᠦᠷᠲᠡᠭᠡᠨ᠎ᠡ᠃ ᠪᠠᠶᠠᠨ ᠮᠠᠩᠬ᠎ᠠ ᠰᠤᠮᠤ ᠶᠢᠨ ᠤᠯᠪᠠᠢ ᠭᠠᠴᠠᠭᠠᠨ ᠤ ᠨᠠᠮ ᠤᠨ ᠡᠭᠦᠷ ᠤᠨ ᠱᠦᠵᠢ ᠪᠠᠢ | ᠰᠧ ᠬᠠᠢ ᠬᠡᠯᠡᠪᠡ᠃ ᠰᠠᠭᠤᠭᠠᠯᠢ ᠠᠷᠠᠳ ᠶᠠᠭ ᠠᠵᠢᠯᠲᠠᠳ ᠠᠴᠠ ᠨᠠᠰᠤᠵᠢᠯ ᠤᠨ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢᠨ ᠨᠠᠷᠢᠨ ᠵᠦᠢᠯᠡᠰ ᠪᠠ ᠭᠦᠢᠴᠡᠳᠬᠡᠬᠦ ᠶᠠᠪᠤᠴᠠ ᠶᠢ ᠯᠠᠪᠯᠠᠨ ᠠᠰᠠᠭᠤᠵᠤ ᠪᠠᠶᠢᠨ᠎ᠠ᠃ 2025 ᠣᠨ ᠳᠤ | ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠭᠠᠴᠠᠭ᠎ᠠ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠠᠰᠢᠭ ᠣᠷᠣᠯᠭ᠎ᠠ ᠪᠠᠷ ᠭᠤᠣᠯ ᠪᠡᠯᠡ ᠮᠥᠩᠭᠦ ᠶᠢᠨ ᠢᠷᠡᠯᠲᠡ ᠪᠣᠯᠭᠠᠵᠤ᠂ ᠲᠤᠰ ᠬᠠᠮᠲᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠣᠲᠣᠷ᠎ᠠ ᠲᠤᠬᠠᠢ ᠶᠢᠨ ᠵᠢᠯ ᠳᠤ ᠨᠢᠭᠡᠨᠲᠡ ᠰᠦᠢᠳᠬᠡᠯ | ᠲᠤᠰᠢᠶᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ | ᠣᠷᠣᠯᠴᠠᠭᠰᠠᠨ ᠬᠥᠮᠦᠰ ᠤᠨ ᠪᠦᠷᠢᠯᠳᠦᠬᠦᠨ ᠠᠴᠠ ᠰᠦᠢᠳᠬᠡᠯ ᠲᠤᠰᠢᠶᠠᠬᠤ ᠨᠥᠬᠦᠪᠥᠷᠢ ᠣᠯᠭᠤᠵᠤ᠂ ᠨᠠᠰᠤᠵᠢᠯ ᠤᠨ | ᠳᠠᠭᠠᠳᠬᠠᠯ ᠤᠨ ᠣᠯᠭᠤᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠯᠠᠨ ᠲᠦᠮᠡᠨ ᠤ ᠳᠠᠭᠠᠳᠬᠠᠯ ᠳᠤ | ᠣᠷᠣᠯᠴᠠᠵᠤ ᠦᠷᠭᠦᠯᠵᠢᠯᠡᠨ ᠪᠠᠲᠤᠯᠠᠬᠤ ᠢᠳᠡᠪᠬᠢᠵᠢᠯ ᠢ ᠳᠡᠭᠡᠭᠰᠢᠯᠡᠭᠦᠯᠵᠦ᠂ ᠨᠠᠰᠤᠵᠢᠯ ᠤᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠥᠷᠭᠡᠳᠬᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠳᠠᠭᠠᠳᠬᠠᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠪᠡ᠃ ︽ᠳᠠᠷᠠᠭᠠᠴᠢ ᠶᠢᠨ ᠠᠯᠬᠤᠮ ᠳᠤ᠂ | ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠠᠯᠠᠭ᠎ᠠ ᠮᠥᠴᠢᠷ ᠬᠠᠮᠵᠢᠯᠴᠠᠬᠤ᠂ ᠳᠡᠭᠡᠳᠦ ᠳᠣᠣᠷᠠᠳᠤ | ᠱᠠᠲᠤ ᠪᠠᠷ ᠢᠶᠠᠨ ᠨᠡᠪᠲᠡᠷᠡᠯᠴᠡᠬᠦ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠯᠠᠪᠳᠠᠭᠤᠨ ᠪᠣᠯᠭᠤᠮᠵᠢᠲᠠᠢ | ᠡᠮᠬᠢ ᠵᠢᠷᠤᠮ ᠲᠠᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠢ ᠲᠡᠭᠦᠯᠳᠡᠷᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ | ᠠᠷᠭ᠎ᠠ ᠵᠠᠮ ᠢ ᠬᠠᠶᠢᠨ ᠰᠦᠪᠡᠭᠴᠢᠯᠡᠨ᠎ᠡ︾ ᠭᠡᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠦ᠋ ᠳ᠋ᠡ ᠫᠧᠩ ᠬᠡᠯᠡᠪᠡ᠃ | |