ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 2 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ︽ | ᠳᠡᠰ ᠬᠤᠪᠢᠶᠠᠬᠤ ᠲᠥᠷᠥᠯ ᠬᠤᠪᠢᠶᠠᠬᠤ︾ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ᠂ ︽ᠵᠢᠷᠤᠮᠵᠢᠭᠤᠨ | ᠪᠥᠭᠡᠳ ᠨᠢᠭᠡᠲᠦᠯᠲᠡᠢ ᠪᠠᠶᠢᠬᠤ︾ ᠦᠢᠯᠡᠴᠢᠯᠡᠭᠡᠨ ᠤ ᠨᠠᠷᠢᠨ ᠳᠠᠩᠰᠠ ᠪᠠ ︽ᠠᠵᠢᠯ ᠪᠠᠶᠢᠪᠠᠴᠤ ᠬᠢᠬᠦ ᠬᠦᠮᠦᠨ ᠦᠭᠡᠢ | ︾ ᠠᠵᠢᠯ ᠤᠨ ᠪᠠᠶᠢᠷᠢ ᠶᠢᠨ ᠨᠠᠷᠢᠨ ᠳᠠᠩᠰᠠ᠂ ︽ᠬᠥᠮᠦᠨ ᠪᠠᠶᠢᠪᠠᠴᠤ ᠬᠢᠬᠦ ᠠᠵᠢᠯ ᠦᠭᠡᠢ︾ ᠠᠵᠢᠯᠲᠠᠨ ᠤ ᠨᠠᠷᠢᠨ | ᠳᠠᠩᠰᠠ ᠶᠢ ᠲᠣᠭᠲᠠᠭᠠᠨ ᠨᠡᠶᠢᠲᠡᠯᠡᠵᠦ᠂ ᠠᠵᠢᠯ ᠣᠯᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠨᠠᠷᠢᠨ | ᠲᠠᠶᠢᠯᠪᠤᠷᠢᠯᠠᠨ᠂ ᠦᠢᠯᠡᠴᠢᠯᠡᠭᠡ ᠪᠠ ᠭᠠᠷᠲᠠᠨ ᠭᠦᠢᠴᠡᠳᠬᠡᠬᠦ ᠴᠤᠪᠤᠷᠠᠯ ᠢ ᠲᠣᠳᠣᠷᠬᠠᠶᠢᠯᠠᠵᠤ᠂ ᠬᠥᠮᠦᠨ ᠪᠠ | ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠂ | ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠤ ᠮᠡᠳᠡᠪᠡᠰᠦ ᠵᠣᠬᠢᠬᠤ ᠶᠢ ᠨᠢ ᠴᠥᠮ ᠮᠡᠳᠡᠭᠦᠯᠵᠦ᠂ | ᠬᠥᠷᠲᠡᠭᠡᠪᠡᠰᠦ ᠵᠣᠬᠢᠬᠤ ᠶᠢ ᠨᠢ ᠴᠥᠮ ᠬᠦᠷᠲᠡᠭᠡᠬᠦ ᠶᠢ ᠠᠬᠢᠭᠤᠯᠤᠨ᠎ᠠ᠃ | ᠣᠶᠢᠯᠠᠭᠠᠭᠰᠠᠨ ᠢᠶᠠᠷ᠂ ︽ᠲᠠᠰ ᠬᠤᠪᠢᠶᠠᠬᠤ ᠲᠥᠷᠥᠯ ᠬᠤᠪᠢᠶᠠᠬᠤ︾ ᠲᠥᠷᠥ ᠶᠢᠨ ᠪᠣᠳᠣᠯᠭ᠎ᠠ ᠶᠢᠨ ᠨᠠᠷᠢᠨ | ᠳᠠᠩᠰᠠ ᠳᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢᠨ ᠨᠡᠮᠡᠭᠦᠷᠢ ᠶᠢᠨ ᠭᠤᠶᠤᠴᠢᠯᠠᠯ᠂ ᠠᠵᠤ ᠠᠬᠤᠶᠢᠯᠠᠯ ᠠᠴᠠ ᠠᠵᠢᠯ ᠤᠯᠬᠤ ᠳᠤ | ᠬᠦᠴᠢᠷᠲᠡᠶ ᠬᠦᠮᠦᠰ ᠢ ᠣᠷᠤᠭᠤᠯᠤᠨ ᠠᠪᠤᠭᠰᠠᠨ ᠬᠥᠮᠦᠰ ᠤᠨ ᠨᠡᠶᠢᠭᠡᠮ ᠤᠨ ᠳᠠᠭᠠᠳᠬᠠᠯ ᠤᠨ ᠨᠡᠮᠡᠭᠦᠷᠢ ᠶᠢᠨ | ᠭᠤᠶᠤᠴᠢᠯᠠᠯ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠡᠮᠡᠭᠦᠷᠢ᠂ ᠠᠵᠢᠯ | ᠮᠡᠷᠭᠡᠰᠢᠯ ᠤᠨ ᠤᠷ᠎ᠠ ᠴᠢᠳᠠᠪᠤᠷᠢ ᠶᠢᠨ ᠲᠠᠰ ᠢ ᠮᠠᠭᠠᠳᠯᠠᠨ ᠲᠣᠭᠲᠠᠭᠠᠬᠤ ᠪᠠᠷ ᠭᠤᠶᠤᠴᠢᠯᠠᠨ ᠮᠡᠳᠡᠭᠦᠯᠬᠦ᠂ ᠦᠢᠯᠡᠰ | ᠪᠣᠰᠬᠠᠬᠤ ᠲᠥᠷᠥᠯ ᠵᠦᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠵᠡᠷᠭᠡ 24 ᠵᠦᠢᠯ ᠤᠨ | ᠠᠭᠤᠯᠭ᠎ᠠ ᠶᠢ ᠬᠠᠮᠤᠷᠪᠠ︔ ︽ᠵᠢᠷᠤᠮᠵᠢᠭᠤᠨ ᠪᠥᠭᠡᠳ ᠨᠢᠭᠡᠲᠦᠯᠲᠡᠢ ᠪᠠᠶᠢᠬᠤ︾ ᠦᠢᠯᠡᠴᠢᠯᠡᠭᠡᠨ ᠤ ᠨᠠᠷᠢᠨ | ᠳᠠᠩᠰᠠ ᠳᠤ ᠠᠵᠢᠯ ᠣᠯᠭᠤᠯᠲᠠ ᠶᠢᠨ ᠲᠤᠰᠠᠯᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ᠂ ᠠᠵᠢᠯ | ᠡᠷᠢᠬᠦ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠪᠠᠭᠰᠢᠯᠠᠭᠴᠢᠳ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ | ᠥᠷᠨᠢᠭᠦᠯᠬᠦ᠂ ᠠᠵᠢᠯ ᠡᠷᠢᠬᠦ ᠠᠵᠢᠯᠲᠠᠨ ᠡᠯᠰᠡᠬᠦ ᠦᠢᠯᠡᠴᠢᠯᠡᠭᠡ᠂ ᠠᠵᠢᠯ ᠣᠯᠬᠤ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠨᠡᠮᠡᠭᠦᠷᠢ ᠶᠢ ᠭᠤᠶᠤᠴᠢᠯᠠᠨ ᠠᠪᠬᠤ ᠦᠢᠯᠡᠴᠢᠯᠡᠭᠡ᠂ ᠡᠷᠬᠢᠯᠡᠭᠰᠡᠨ ᠠᠵᠢᠯ ᠤᠨ ᠤᠷ᠎ᠠ | ᠴᠢᠳᠠᠪᠤᠷᠢ ᠶᠢᠨ ᠤᠷᠤᠯᠳᠤᠭᠠᠨ ᠤ ᠦᠢᠯᠡᠴᠢᠯᠡᠭᠡ᠂ ᠦᠢᠯᠡᠰ ᠪᠣᠰᠬᠠᠬᠤ ᠬᠦᠷᠢᠶᠡᠯᠡᠩ ︵ᠦᠢᠯᠡᠰ ᠪᠣᠰᠬᠠᠬᠤ ᠶᠢ | ᠨᠡᠪᠴᠢᠭᠦᠯᠬᠦ ᠰᠠᠭᠤᠷᠢᠨ ᠭᠠᠵᠠᠷ︶ ᠳᠤ ᠣᠷᠤᠵᠤ ᠰᠠᠭᠤᠬᠤ ᠦᠢᠯᠡᠴᠢᠯᠡᠭᠡ ᠵᠡᠷᠭᠡ 22 ᠵᠦᠢᠯ ᠤᠨ ᠠᠭᠤᠯᠭ᠎ᠠ ᠶᠢ | ᠬᠠᠮᠤᠷᠪᠠ︔ ︽ᠠᠵᠢᠯ ᠪᠠᠶᠢᠪᠠᠴᠤ ᠬᠢᠬᠦ ᠬᠥᠮᠦᠨ ᠦᠭᠡᠢ︾ ᠠᠵᠢᠯ ᠤᠨ ᠪᠠᠶᠢᠷᠢ ᠶᠢᠨ ᠨᠠᠷᠢᠨ ᠳᠠᠩᠰᠠ ᠪᠠ ︽ | ᠬᠥᠮᠦᠨ ᠪᠠᠶᠢᠪᠠᠴᠤ ᠬᠢᠬᠦ ᠠᠵᠢᠯ ᠦᠭᠡᠢ︾ ᠠᠵᠢᠯᠲᠠᠨ ᠤ ᠨᠠᠷᠢᠨ ᠲᠠᠩᠰᠠ ᠶᠢ ᠠᠵᠤ ᠠᠬᠤᠶᠢᠯᠠᠯ ᠤᠳ ᠪᠠ ᠡᠯ᠎ᠡ | ᠲᠥᠷᠥᠯ ᠤᠨ ᠬᠥᠮᠦᠰ ᠺᠣᠳ᠋ ᠢ ᠰᠢᠷᠪᠢᠵᠦ ᠲᠠᠭᠯᠠᠨ ᠮᠡᠳᠡᠭᠦᠯᠵᠦ ᠪᠣᠢ ᠪᠣᠯᠭᠠᠨ᠂ ᠬᠠᠨᠳᠤᠯᠭᠠᠲᠤ ᠴᠢᠨᠠᠷᠲᠠᠶ ᠪᠠᠷ ᠠᠵᠢᠯ | ᠣᠯᠭᠤᠬᠤ ᠦᠢᠯᠡᠴᠢᠯᠡᠭᠡ ᠬᠠᠩᠭᠠᠵᠤ᠂ ᠬᠥᠮᠦᠨ ᠪᠠ ᠠᠵᠢᠯ ᠤᠨ ᠪᠠᠶᠢᠷᠢ ᠶᠢ ᠨᠠᠷᠢᠯᠢᠭ ᠣᠨᠣᠴᠠᠲᠠᠶ ᠪᠠᠷ | ᠵᠣᠬᠢᠴᠠᠭᠤᠯᠬᠤ ᠶᠢ ᠠᠬᠢᠭᠤᠯᠤᠨ᠎ᠠ᠃ |