ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠯᠲᠠ ᠣᠷᠣᠵᠤ ᠰᠠᠭᠤᠪᠠ
ᠨᠡᠶᠢᠲᠡᠯᠡᠭᠰᠡᠨ ᠴᠠᠭ᠄
2025/2/26
    ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ 3 ᠴᠠᠭᠳᠠᠨ ᠪᠠᠶᠢᠴᠠᠭᠠᠬᠤ ᠳᠤᠭᠤᠶᠢᠯᠠᠩ ᠲᠣᠮᠢᠯᠠᠵᠤ᠂ 32 ᠨᠠᠮ ᠤᠨ ᠵᠣᠬᠢᠶᠠᠨ ᠪᠠᠶᠢᠭᠤᠯᠤᠯᠲᠠ ᠳᠤ ᠴᠠᠭᠳᠠᠨ ᠪᠠᠶᠢᠴᠠᠭᠠᠯᠲᠠ ᠥᠷᠨᠢᠭᠦᠯᠪᠡ᠃ 2 ᠰᠠᠷ᠎ᠠ ᠶᠢᠨ 25 ᠤ ᠡᠳᠦᠷ ᠪᠣᠯᠲᠠᠯ᠎ᠠ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠨᠢᠭᠡᠨᠲᠡ ᠪᠦᠬᠦᠨ ᠢᠶᠠᠷ ᠢᠶᠠᠨ ᠣᠷᠣᠵᠤ ᠰᠠᠭᠤᠪᠠ᠃ ᠲᠤᠰ ᠡᠭᠡᠯᠵᠢ ᠶᠢᠨ ᠴᠠᠭᠳᠠᠨ ᠪᠠᠶᠢᠴᠠᠭᠠᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠲᠥᠷᠥ ᠶᠢᠨ ᠴᠠᠭᠳᠠᠨ ᠪᠠᠶᠢᠴᠠᠭᠠᠬᠤ ᠱᠠᠭᠠᠷᠳᠠᠯᠭ᠎ᠠ ᠶᠢ ᠣᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠣᠯᠤᠨ ᠲᠥᠪ ᠪᠤᠰᠤ ᠰᠤᠷᠲᠠᠯ ᠵᠢᠴᠢ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠢᠴᠢ ᠳᠡᠭᠡᠷ᠎ᠡ ᠡᠭᠡᠯᠵᠢ ᠶᠢᠨ ᠴᠠᠭᠳᠠᠨ ᠪᠠᠶᠢᠴᠠᠭᠠᠬᠤ᠂ ᠬᠢᠨᠠᠨ ᠪᠣᠳᠣᠬᠤ ᠵᠡᠷᠭᠡ ᠲᠠᠯ᠎ᠠ ᠪᠠᠷ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠤᠣᠯᠳᠠᠯᠭ᠎ᠠ ᠲᠠᠢ ᠪᠠᠷ ᠠᠩᠬᠠᠷᠤᠯ ᠢᠶᠠᠨ ᠲᠥᠪᠯᠡᠷᠡᠭᠦᠯᠦᠨ᠎ᠡ᠃    ︽ᠰᠤᠷᠭᠠᠭᠤᠯᠢ ᠶᠢᠨ ᠬᠦᠷᠢᠶᠡᠨ ᠤ ᠬᠤᠭᠤᠯᠠ︾᠂ ᠬᠥᠳᠡᠭᠡ ᠲᠣᠰᠬᠤᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠨᠠᠰᠤᠵᠢᠯ ᠤᠨ ᠦᠢᠯᠡᠴᠢᠯᠡᠭᠡ ᠵᠡᠷᠭᠡ ᠲᠠᠯ᠎ᠠ ᠶᠢᠨ ᠳᠣᠪᠤᠶᠢᠮ᠎ᠠ ᠠᠰᠠᠭᠤᠳᠠᠯ ᠤᠨ ᠲᠣᠭᠤᠷᠢᠨ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠤᠯᠤᠰ ᠲᠥᠷᠥ ᠶᠢᠨ ᠵᠥᠷᠢᠶ᠎ᠡ ᠶᠢ ᠭᠦᠨᠵᠡᠭᠡᠢ ᠡᠷᠢᠵᠦ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ︽ᠬᠤᠶᠠᠷ ᠢ ᠬᠠᠮᠠᠭᠠᠯᠠᠬᠤ︾ ᠤᠯᠤᠰ ᠲᠥᠷᠥ ᠶᠢᠨ ᠲᠣᠭᠲᠠᠯ ᠬᠦᠴᠦᠨ ᠪᠣᠯᠤᠨ ᠤᠯᠤᠰ ᠲᠥᠷᠥ ᠶᠢᠨ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠶᠢ ᠰᠢᠮᠳᠠᠭᠤᠯᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠪᠠᠲᠤᠯᠠᠨ ᠬᠡᠷᠡᠭᠵᠢᠭᠦᠯᠬᠦ᠂ ᠲᠡᠭᠦᠯᠳᠡᠷᠵᠢᠭᠦᠯᠦᠨ ᠬᠥᠭᠵᠢᠭᠦᠯᠬᠦ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠴᠠᠭᠳᠠᠨ ᠪᠠᠶᠢᠴᠠᠭᠠᠭᠳᠠᠵᠤ ᠪᠠᠶᠢᠭ᠎ᠠ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠪᠠᠶᠢᠳᠠᠯ ᠢ ᠪᠤᠰᠤᠳᠴᠢ ᠲᠥᠪ ᠭᠤᠣᠯᠴᠢ ᠪᠠᠷ ᠬᠠᠩᠭᠠᠵᠤ᠂ ᠠᠰᠠᠭᠤᠳᠠᠯ ᠢ ᠦᠨᠡᠨ ᠠᠴᠠ ᠵᠥᠪ ᠢ ᠡᠷᠢᠵᠦ ᠲᠤᠰᠬᠠᠨ᠎ᠠ ᠭᠡᠵᠡᠢ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠳᠤ ᠠᠰᠠᠭᠤᠳᠠᠯ ᠤᠨ ᠵᠠᠩᠭᠢᠯᠠᠭ᠎ᠠ ᠶᠢ ᠨᠢᠭᠡᠳ ᠨᠢᠭᠡ ᠪᠠᠷ ᠣᠨᠣᠪᠴᠢᠲᠠᠢ ᠡᠷᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠰᠤᠳᠤᠯᠵᠤ ᠂ ᠴᠠᠭ ᠲᠤᠬᠠᠢ ᠳᠤᠨᠢ ᠰᠠᠶᠢᠵᠢᠷᠠᠭᠤᠯᠵᠤ᠂ ᠲᠦᠢᠯᠪᠤᠷᠢᠲᠠᠢ ᠥᠭᠡᠷᠡᠴᠢᠯᠡᠬᠦ ᠶᠢ ᠡᠷᠡᠰ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠴᠦ᠂ ᠲᠣᠭᠤᠷᠢᠨ ᠪᠠᠶᠢᠴᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃    ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠴᠠᠭ ᠨᠢ 90 ᠡᠳᠦᠷ ᠣᠷᠴᠢᠮ ᠪᠠᠶᠢᠵᠤ᠂ ᠴᠠᠭᠳᠠᠨ ᠪᠠᠶᠢᠴᠠᠭᠠᠬᠤ ᠬᠤᠭᠤᠴᠠᠭᠠᠨ ᠳᠤ ᠲᠤᠰᠬᠠᠢ ᠵᠢᠵᠢᠭᠦᠷᠯᠡᠬᠦ ᠤᠲᠠᠰᠤ᠂ ᠡᠯᠧᠺᠳ᠋ᠷᠣᠨ ᠰᠢᠤᠳᠠᠨ ᠤ ᠬᠠᠶᠢᠷᠴᠠᠭ ᠪᠠ ᠵᠠᠬᠢᠳᠠᠯ ᠤᠨ ᠬᠠᠶᠢᠷᠴᠠᠭ ᠭᠠᠷᠭᠠᠵᠤ᠂ ᠭᠤᠣᠯᠳᠠᠭᠤ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠠᠵᠢᠯᠲᠠᠨ ᠤ ᠠᠰᠠᠭᠤᠳᠠᠯ ᠢ ᠲᠤᠰᠬᠠᠭᠰᠠᠨ ᠵᠠᠬᠢᠳᠠᠯ ᠪᠠ ᠤᠲᠠᠰᠤ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠠᠰᠠᠭᠤᠳᠠᠯ ᠢ ᠢᠯᠡᠴᠢᠯᠡᠨ ᠮᠡᠳᠡᠭᠦᠯᠬᠦ ᠪᠠ ᠲᠤᠰᠬᠠᠨ᠎ᠠ᠃ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2025 ᠣᠨ ᠤ 5 ᠰᠠᠷ᠎ᠠ ᠶᠢᠨ 28 ᠤ ᠡᠳᠦᠷ ᠪᠣᠯᠲᠠᠯ᠎ᠠ ᠦᠷᠭᠦᠯᠵᠢᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号