2 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ 2025 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ ᠬᠤᠷᠠᠯ ᠡᠷᠬᠢᠯᠡᠪᠡ᠃ | | ᠬᠤᠷᠠᠯ ᠠᠴᠠ 2025 ᠣᠨ ᠤ ᠲᠥᠪ ᠤᠨ 1 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢ᠊ ᠡᠶ᠎ᠡ᠂ | ᠥᠪᠡᠷᠲᠡᠭᠡᠨ ᠵᠠᠰᠠᠬᠤ ᠣᠷᠣᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ᠂ | ᠥᠪᠡᠷᠲᠡᠭᠡᠨ ᠵᠠᠰᠠᠬᠤ ᠣᠷᠣᠨ ᠤ ︽ᠬᠤᠶᠠᠷ ᠬᠦᠨᠳᠦ︾ ︽ᠬᠤᠶᠠᠷ ᠰᠢᠨ᠎ᠡ︾ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ︽ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠶᠠᠪᠤᠴᠠ︾᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠬᠤᠯᠠ | ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ ︽ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠵᠡᠷᠭᠡ ᠵᠦᠢᠯᠡᠰ ᠢ ᠬᠢᠨᠠᠨ ᠵᠥᠪᠯᠡᠭᠰᠡᠨ ᠪᠥᠭᠡᠳ | ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ︽ᠬᠥᠳᠡᠭᠡ ᠠᠵᠤ | ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤ ᠪᠤᠳᠠᠭ᠎ᠠ | ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠶᠢ ᠦᠨᠡᠨ ᠬᠦ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠠᠵᠤ ᠦᠢᠯᠡᠰ᠂ | ᠬᠥᠳᠡᠭᠡ ᠲᠣᠰᠬᠤᠨ ᠤ ᠵᠠᠰᠠᠯᠲᠠ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠣᠯᠤᠨ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ | ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ | ᠂ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠨ ᠲᠤᠷᠰᠢᠯᠭ᠎ᠠ ᠰᠤᠷᠭᠠᠮᠵᠢ ᠶᠢ ᠤᠯᠠᠮ ᠴᠢᠨᠠᠭᠰᠢᠳᠠ ᠰᠢᠩᠭᠡᠭᠡᠨ ᠠᠪᠴᠤ᠂ | ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠤᠷᠲᠤ ᠬᠤᠭᠤᠴᠠᠭ᠎ᠠ ᠪᠠᠷ | ᠵᠠᠰᠠᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠵᠢᠷᠭᠤᠭᠠᠨ ᠠᠵᠢᠯᠯᠠᠭ᠎ᠠ︾ ᠶᠢ ᠬᠡᠷᠡᠭᠵᠢᠭᠦᠯᠬᠦ | ᠲᠥᠰᠦᠯ ᠶᠣᠰᠣᠭᠠᠷ᠂ ᠵᠢᠷᠤᠭ ᠡᠯᠭᠦᠨ ᠪᠠᠶᠢᠯᠳᠤᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠯᠬᠤᠮ | ᠠᠯᠬᠤᠮ ᠢᠶᠠᠷ ᠠᠬᠢᠭᠤᠯᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ︽ᠵᠢᠷᠭᠤᠭᠠᠨ ᠠᠵᠢᠯᠯᠠᠭ᠎ᠠ︾ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠢᠳᠡᠪᠬᠢᠲᠡᠢ ᠣᠪᠣᠷ ᠪᠠ ᠡᠷᠡᠰ | ᠪᠠᠲᠤ ᠢᠲᠡᠭᠡᠯ ᠵᠣᠷᠢᠭ ᠢᠶᠠᠷ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠵᠢᠯ | ᠣᠯᠭᠤᠯᠲᠠ ᠶᠢ ᠠᠬᠢᠭᠤᠯᠬᠤ ᠵᠣᠬᠢᠴᠠᠩᠭᠤᠢ ᠬᠤᠯᠪᠣᠯᠳᠤᠯ ᠢ ᠠᠬᠢᠭᠤᠯᠵᠤ᠂ ᠪᠦᠲᠦᠴᠡ ᠶᠢᠨ ᠴᠢᠨᠠᠷᠲᠠᠢ ᠠᠵᠢᠯ | ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢ ᠶᠡᠬᠡᠪᠡᠷ | ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ | ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠢ ᠪᠠᠭᠠᠰᠬᠠᠬᠤ᠂ ᠬᠤᠲᠠ ᠬᠥᠳᠡᠭᠡ ᠶᠢᠨ ᠤᠰᠤ ᠠᠷᠪᠢᠯᠠᠵᠤ | ᠬᠤᠬᠢᠷᠠᠯ ᠢ ᠪᠠᠭᠠᠰᠬᠠᠬᠤ᠂ ᠠᠮᠢ ᠠᠬᠤᠢ ᠶᠢᠨ ᠤᠰᠤ ᠠᠷᠪᠢᠯᠠᠵᠤ ᠤᠰᠤ ᠨᠥᠬᠦᠪᠥᠷᠢᠯᠡᠬᠦ ᠭᠤᠣᠯᠳᠠᠯᠭ᠎ᠠ ᠲᠠᠢ | ᠬᠦᠷᠢᠶ᠎ᠡ ᠶᠢᠨ ᠲᠣᠭᠤᠷᠢᠨ ᠳᠤ᠂ ᠭᠤᠣᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠪᠣᠳᠠᠲᠠᠢ ᠰᠠᠶᠢᠲᠤᠷ ᠠᠳᠬᠤᠬᠤ | ᠬᠡᠷᠡᠭᠲᠡᠢ᠃ | | |