2 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠼᠠᠢ ᠪᠦᠦ ᠵᠢᠶᠦ᠋ᠨ | ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ | ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠬᠠᠮᠠᠳ ᠺᠠᠳ᠋ᠷ ᠤᠨ ᠠᠵᠢᠯ ᠤᠨ ᠲᠤᠬᠠᠢ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠵᠢᠴᠢ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠭᠡᠳᠦ ᠱᠠᠲᠤᠨ ᠤ ᠬᠠᠮᠢᠶ᠎ᠠ ᠪᠦᠬᠦᠢ | ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠰᠢᠨ᠎ᠡ ᠴᠠᠭ ᠦᠶ᠎ᠡ ᠶᠢᠨ ᠠᠬᠠᠮᠠᠳ ᠺᠠᠳ᠋ᠷᠴᠤᠳ ᠤᠨ ᠠᠵᠢᠯ ᠢ ᠰᠠᠶᠢᠲᠤᠷ ᠬᠢᠵᠦ᠂ ᠠᠬᠠᠮᠠᠳ | ᠺᠠᠳ᠋ᠷᠴᠤᠳ ᠤᠨ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠨᠠᠮ ᠤᠨ ᠪᠠᠶᠢᠭᠤᠯᠤᠯᠲᠠ ᠶᠢᠨ ᠶᠡᠷᠦᠩᠬᠡᠢ | ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠲᠤᠬᠢᠷᠠᠭᠤᠯᠤᠯᠳᠠ ᠳᠤ ᠣᠷᠣᠭᠤᠯᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠬᠠᠮᠠᠳ | ᠺᠠᠳ᠋ᠷᠴᠤᠳ ᠲᠤ ᠨᠠᠷᠢᠨ ᠨᠢᠮᠪᠠᠢ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠦᠢᠯᠡᠴᠢᠯᠡᠵᠦ᠂ | ᠠᠬᠠᠮᠠᠳ ᠺᠠᠳ᠋ᠷᠴᠤᠳ ᠲᠤ ᠦᠨᠡᠨ ᠬᠦ ᠪᠣᠳᠠᠲᠠᠢ ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠵᠦ᠂ ᠰᠠᠶᠢᠨ | ᠶᠠᠪᠤᠳᠠᠯ ᠬᠢᠬᠦ ᠬᠡᠷᠡᠭᠲᠡᠢ᠃ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ | ᠠᠳᠬᠤᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠭᠦᠨᠵᠡᠭᠡᠢ ᠣᠶᠢᠯᠠᠭᠠᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠣᠨᠣᠪᠴᠢᠲᠠᠢ ᠨᠡᠪᠲᠡᠷᠡᠲᠡᠯ᠎ᠡ ᠣᠶᠢᠯᠠᠭᠠᠵᠤ | ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠮᠠᠨ ᠤ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ | ᠤᠶᠠᠯᠳᠤᠭᠤᠯᠵᠤ᠂ ᠠᠵᠢᠯ ᠤᠨ ᠠᠩᠬᠠᠷᠤᠯ ᠲᠠᠯᠪᠢᠵᠤ ᠪᠠᠶᠢᠭ᠎ᠠ ᠴᠡᠭ᠂ ᠬᠦᠴᠦᠯᠡᠬᠦ ᠴᠡᠭ᠂ ᠳᠠᠯᠳᠠ ᠬᠦᠴᠦᠨ ᠢ | ᠣᠨᠣᠪᠴᠢᠲᠠᠢ ᠣᠯᠵᠤ᠂ ᠯᠠᠪᠳᠠᠭᠤᠨ ᠬᠦᠴᠦᠲᠡᠢ ᠠᠵᠢᠯ ᠤᠨ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠡᠭᠦᠷᠭᠡ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠬᠤᠷᠠᠯ ᠠᠴᠠ᠂ ᠠᠵᠤ ᠠᠬᠤᠢ ᠶᠢᠨ ᠠᠵᠢᠯ ᠢ ᠶᠡᠬᠡᠪᠡᠷ ᠲᠥᠯᠥᠪᠵᠢᠭᠦᠯᠵᠦ᠂ ᠲᠥᠷᠥᠯ ᠵᠦᠢᠯ ᠢ | ᠲᠥᠯᠥᠪᠵᠢᠭᠦᠯᠵᠦ ᠨᠥᠭᠡᠴᠡᠯᠡᠬᠦ ᠶᠢ ᠦᠷᠭᠦᠯᠵᠢᠯᠡᠨ ᠴᠢᠩᠭᠠᠳᠬᠠᠵᠤ᠂ ᠪᠡᠯᠡ ᠮᠥᠩᠭᠦ ᠪᠣᠯᠤᠨ ᠲᠥᠷᠥᠯ ᠵᠦᠢᠯ ᠢ ᠪᠦᠬᠦ | ᠬᠦᠴᠦᠨ ᠢᠶᠠᠷ ᠢᠶᠠᠨ ᠲᠡᠮᠡᠴᠡᠨ ᠣᠯᠵᠤ᠂ ᠲᠥᠷᠥᠯ ᠵᠦᠢᠯ ᠢ ᠬᠢᠨᠠᠨ ᠬᠠᠷᠭᠤᠭᠤᠯᠵᠤ ᠥᠩᠭᠡᠷᠡᠭᠦᠯᠬᠦ ᠨᠣᠷᠮ᠎ᠠ᠂ ᠪᠡᠯᠡ | ᠮᠥᠩᠭᠦ ᠶᠢ ᠪᠣᠳᠠᠲᠠᠶᠢᠵᠢᠭᠤᠯᠬᠤ ᠨᠣᠷᠮ᠎ᠠ ᠶᠢ ᠳᠡᠭᠡᠭᠰᠢᠯᠡᠭᠦᠯᠵᠦ᠂ ︽ᠨᠢᠭᠡ ᠪᠦᠯᠦᠭ ᠢ ᠪᠦᠲᠦᠭᠡᠨ ᠪᠠᠶᠢᠭᠤᠯᠬᠤ᠂ ᠨᠢᠭᠡ | ᠪᠦᠯᠦᠭ ᠢ ᠨᠥᠬᠦᠪᠥᠷᠢᠯᠡᠬᠦ᠂ ᠨᠢᠭᠡ ᠪᠦᠯᠦᠭ ᠢ ᠰᠢᠨᠡᠳᠬᠡᠬᠦ᠂ ᠨᠢᠭᠡ ᠪᠦᠯᠦᠭ ᠢ ᠠᠬᠢᠭᠤᠯᠬᠤ︾ ᠴᠢᠬᠤᠯᠠ ᠶᠡᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠪᠣᠯᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠠᠵᠢᠯ ᠢ ᠪᠣᠳᠠᠲᠠᠢ ᠠᠳᠬᠤᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ | ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠰᠤᠯᠠᠷᠠᠬᠤ ᠦᠵᠡᠯ ᠰᠠᠨᠠᠭ᠎ᠠ ᠶᠢ ᠰᠡᠷᠡᠮᠵᠢᠯᠡᠵᠦ᠂ ︽ᠭᠤᠷᠪᠠ ᠶᠢ | ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠪᠠᠶᠢᠩᠭᠤ ᠶᠢᠨ ᠤᠷᠲᠤ ᠬᠤᠭᠤᠴᠠᠭᠠᠨ ᠤ ᠪᠦᠲᠦᠮᠵᠢᠲᠡᠢ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ | ᠪᠠᠷᠢᠮᠲᠠᠯᠠᠵᠤ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠪᠣᠯᠤᠨ ᠶᠡᠷᠦᠩᠬᠡᠶᠢᠯᠡᠨ ᠵᠠᠰᠠᠬᠤ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ︽ᠦᠨᠳᠦᠰᠦᠨ ᠠᠴᠠ ᠨᠢ | ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ︾ ᠶᠢᠨ ᠢᠯᠠᠯᠲᠠ ᠶᠢ ᠵᠠᠪᠠᠯ ᠣᠯᠬᠤ ᠬᠡᠷᠡᠭᠲᠡᠢ᠃ | ᠴᠢᠩᠭ᠎ᠠ ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠪᠢᠴᠢᠭ ᠮᠠᠲ᠋ᠧᠷᠢᠶᠠᠯ ᠢ | ᠴᠣᠮᠬᠠᠳᠬᠠᠬᠤ᠂ ᠬᠤᠷᠠᠯ ᠢ ᠴᠣᠮᠬᠠᠳᠬᠠᠬᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠨᠢᠭᠡᠳᠦᠯᠲᠡᠢ | ᠲᠥᠯᠥᠪᠵᠢᠭᠦᠯᠦᠨ ᠵᠢᠷᠤᠮᠵᠢᠭᠤᠯᠬᠤ᠂ ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ ᠶᠢ ᠵᠢᠷᠤᠮᠵᠢᠭᠤᠯᠤᠨ | ᠲᠣᠳᠣᠷᠬᠠᠢ ᠪᠣᠯᠭᠠᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨᠬᠦ ᠠᠳᠬᠤᠨ ᠪᠣᠳᠠᠲᠠᠢ | ᠰᠠᠶᠢᠵᠢᠷᠠᠭᠤᠯᠵᠤ᠂ ᠢᠳᠡᠪᠬᠢᠲᠡᠢ ᠪᠠᠷ ᠠᠵᠢᠯᠯᠠᠵᠤ᠂ ᠦᠨᠳᠦᠰᠦᠨ ᠱᠠᠲᠤᠨ ᠤ ᠬᠦᠯᠢᠶᠡᠰᠦ ᠶᠢ ᠦᠨᠡᠨᠬᠦ ᠰᠤᠯᠠᠷᠠᠭᠤᠯᠵᠤ | ᠂ ᠦᠨᠳᠦᠰᠦᠨ ᠱᠠᠲᠤᠨ ᠤ ᠺᠠᠳ᠋ᠷᠴᠤᠳ ᠢ ᠦᠨᠡᠨ ᠬᠦ ᠰᠡᠳᠬᠢᠯ ᠲᠠᠯᠪᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠬᠤ ᠬᠡᠷᠡᠭᠲᠡᠢ᠃ |