ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 99 ᠳ᠋ᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
    2 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 99 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠥᠴᠦᠬᠡᠨ ᠴᠦ ᠭᠤᠶᠢᠪᠢᠰᠢ ᠦᠭᠡᠢ︾ ᠪᠠᠶᠢᠬᠤ ᠶᠢ ᠢᠮᠠᠭᠲᠠ ᠪᠠᠷᠢᠮᠲᠠᠯᠠᠨ᠂ ︽ᠬᠤᠶᠠᠷ ᠶᠡᠭᠡ ᠶᠠᠪᠤᠳᠠᠯ︾ ᠢ ᠯᠠᠪᠳᠠᠭᠤᠨ ᠪᠠᠲᠤᠲᠠᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠬᠦᠴᠦᠯᠡᠨ ᠰᠠᠶᠢᠲᠤᠷ ᠠᠳᠬᠤᠬᠤ᠂ ︽ᠲᠠᠪᠤᠨ ᠨᠢᠭᠡᠳᠦᠭᠡᠷ︾ ᠢ ᠭᠦᠨᠵᠡᠭᠡᠢ ᠲᠤᠤᠱᠯᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠠᠵᠤ ᠠᠬᠤᠶᠢᠯᠠᠯ ᠢ ᠲᠤᠰᠠᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠬᠤᠰᠢᠭᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ᠃ ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠪᠣᠯᠤᠨ ᠦᠷᠭᠦᠯᠵᠢᠯᠡᠬᠦ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠠᠶᠢᠳᠠᠯ ᠤᠨ ᠤᠬᠠᠭᠤᠯᠭ᠎ᠠ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠴᠢᠩᠭᠠᠳᠬᠠᠵᠤ᠂ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠬᠥᠭᠵᠢᠯᠲᠡ ᠶᠢᠨ ᠢᠲᠡᠭᠡᠯ ᠵᠣᠷᠢᠭ ᠢ ᠨᠢ ᠨᠡᠮᠡᠭᠳᠡᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠥᠭᠡᠷᠡᠴᠢᠯᠡᠯᠲᠡ ᠬᠥᠭᠵᠢᠯᠲᠡ ᠶᠢᠨ ᠳᠤᠮᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ᠂ ᠪᠦᠬᠦ ᠣᠷᠣᠨ᠂ ᠪᠦᠬᠦ ᠠᠶᠢᠮᠠᠭ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯ ᠶᠡᠭᠡ ᠲᠠᠯ᠎ᠠ ᠲᠠᠢ ᠨᠢᠭᠲᠠ ᠤᠶᠠᠯᠳᠤᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠵᠣᠬᠢᠶᠠᠨ ᠪᠠᠶᠢᠭᠤᠯᠬᠤ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠡᠩᠨᠡᠭᠡᠨ ᠤ ᠪᠠᠶᠢᠭᠤᠯᠤᠯᠲᠠ ᠪᠠᠨ ᠥᠴᠦᠬᠡᠨ ᠴᠦ ᠰᠤᠯᠠᠷᠠᠭᠤᠯᠤᠯ ᠦᠭᠡᠢ ᠴᠢᠩᠭᠠᠳᠬᠠᠬᠤ ᠬᠡᠷᠡᠭᠲᠡᠢ᠃ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠤᠳᠤᠷᠢᠳᠬᠤ ᠪᠠᠭ ᠪᠠ ᠺᠠᠳ᠋ᠷ ᠤᠨ ᠡᠩᠨᠡᠭᠡ ᠶᠢ ᠳᠣᠪᠤᠶᠢᠯᠭᠠᠨ ᠬᠦᠴᠦᠷᠬᠡᠭᠵᠢᠭᠦᠯᠵᠦ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠴᠢᠳᠠᠪᠤᠷᠢᠲᠠᠨ ᠤ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠂ ᠵᠢᠱᠢᠶᠡᠴᠢ ᠰᠠᠯᠠᠭ᠎ᠠ ᠮᠥᠴᠢᠷ ᠪᠠ ᠰᠢᠯᠭᠠᠷᠠᠭᠰᠠᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号