2 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ | ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ 2025 ᠣᠨ ᠤ ᠣᠢ ᠰᠢᠭᠤᠢ ᠡᠪᠡᠰᠦ ᠪᠡᠯᠴᠢᠭᠡᠷ ᠤᠨ | ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠤᠷᠠᠯ | ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠳᠤ ᠣᠷᠣᠯᠴᠠᠨ | ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ | ᠬᠤᠷᠠᠯ ᠢ ᠡᠷᠬᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ | ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ | ᠮᠠᠯᠵᠢᠬᠤ ᠲᠠᠷᠢᠶᠠᠯᠠᠬᠤ ᠣᠷᠣᠨ ᠤ ᠠᠵᠢᠯ ᠪᠠ ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ᠂ ᠭᠤᠣᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠭᠠᠷᠭᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠦ ᠱᠠᠲᠤᠨ ᠤ ᠠᠵᠢᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠮᠠᠯᠵᠢᠬᠤ ᠲᠠᠷᠢᠶᠠᠯᠠᠬᠤ ᠣᠷᠣᠨ ᠤ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠮᠠᠯ ᠠᠵᠤ | ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠢ ᠦᠢᠯᠡᠰ ᠪᠣᠰᠬᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠲᠠᠷᠢᠶᠠᠯᠠᠩ ᠮᠠᠯ ᠠᠵᠤ | ᠠᠬᠤᠢ ᠶᠢ ᠠᠵᠤ ᠦᠢᠯᠡᠰᠵᠢᠭᠦᠯᠦᠨ ᠬᠥᠭᠵᠢᠭᠦᠯᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠪᠦᠬᠦ | ᠬᠦᠴᠦᠨ ᠢᠶᠠᠷ ᠢᠶᠠᠨ ᠲᠡᠮᠡᠴᠡᠨ ᠣᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ ᠪᠠ ᠲᠣᠨᠤᠭ ᠲᠥᠬᠦᠭᠡᠷᠦᠮᠵᠢ ᠶᠢᠨ ᠪᠠᠲᠤᠯᠠᠭ᠎ᠠ ᠶᠢ ᠴᠢᠩᠭᠠᠷᠠᠭᠤᠯᠤᠨ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠢ᠃ ᠬᠢᠨᠠᠨ ᠬᠡᠮᠵᠢᠬᠦ᠂ ᠬᠠᠪᠰᠤᠷᠤᠨ ᠲᠡᠳᠬᠦᠬᠦ᠂ ᠤᠬᠤᠷᠢᠨ ᠭᠠᠷᠬᠤ ᠭᠤᠷᠪᠠᠨ ᠭᠤᠭᠴᠤᠭ᠎ᠠ ᠶᠢ ᠴᠢᠩᠭ᠎ᠠ | ᠠᠩᠬᠠᠷᠴᠤ᠂ ᠠᠵᠢᠯ ᠢᠶᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ᠂ ᠡᠷᠴᠢᠮ ᠢᠶᠠᠨ | ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠪᠠ | ᠶᠠᠳᠠᠭᠤᠷᠠᠬᠤ ᠬᠢᠵᠠᠭᠠᠷ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠨᠢᠭᠡ ᠪᠦᠯᠦᠭ ︽ᠳᠤᠲᠠᠭᠤᠳᠠᠯ ᠢ | ᠨᠥᠬᠦᠪᠥᠷᠢᠯᠡᠬᠦ︾ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠣᠨᠢᠨ ᠳᠡᠭᠡᠷ᠎ᠡ ᠨᠢ ᠬᠡᠷᠡᠭᠵᠢᠭᠦᠯᠵᠦ᠂ | ᠬᠦᠴᠦᠨ ᠢᠶᠠᠨ ᠲᠥᠪᠯᠡᠷᠡᠭᠦᠯᠦᠨ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠨᠢᠭᠡ | ᠪᠦᠯᠦᠭ ᠭᠤᠣᠯᠳᠠᠯᠭ᠎ᠠ ᠲᠠᠢ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠬᠥᠳᠡᠭᠡ ᠲᠣᠰᠬᠤᠨ ᠤ ᠠᠷᠠᠳ ᠢ | ᠪᠠᠶᠠᠵᠢᠭᠤᠯᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ︽ᠵᠢᠷᠭᠤᠭᠠᠨ ᠵᠦᠢᠯ ᠤᠨ ᠣᠷᠣᠯᠭ᠎ᠠ ᠶᠢ ᠨᠡᠮᠡᠭᠳᠡᠭᠦᠯᠬᠦ︾ | ᠠᠷᠭ᠎ᠠ ᠬᠡᠮᠵᠢᠶ᠎ᠡ ᠶᠢᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠦᠷ᠎ᠡ ᠪᠦᠲᠦᠮᠵᠢ ᠶᠢ | ᠦᠷᠭᠦᠯᠵᠢᠯᠡᠨ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠯᠬᠤᠴᠠ ᠶᠢ ᠲᠦᠷᠭᠡᠳᠬᠡᠬᠦ | ᠬᠡᠷᠡᠭᠲᠡᠢ᠃ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠢᠭᠲᠠ | ᠬᠠᠮᠵᠢᠯᠴᠠᠨ᠂ ᠣᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ᠂ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠷᠴᠢᠨ ᠤ ᠡᠯᠡᠰᠦᠷᠬᠡᠭ | ᠭᠠᠵᠠᠷ ᠢ ᠤᠰᠠᠳᠬᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠠᠭᠤᠯᠠ ᠤᠰᠤ ᠣᠢ ᠰᠢᠭᠤᠢ | ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ | ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠣᠢ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ | ᠣᠷᠣᠨ ᠪᠦᠰᠡ ᠶᠢᠨ ᠪᠦᠬᠦ ᠵᠢᠯ ᠤᠨ ︽ᠳᠥᠷᠪᠡ ᠶᠢ ᠴᠠᠭᠠᠵᠠᠯᠠᠬᠤ︾᠂ ᠣᠶᠢᠲᠤ ᠭᠠᠵᠠᠷ ᠨᠤᠲᠤᠭ ᠪᠡᠯᠴᠢᠭᠡᠷ ᠤᠨ | ᠬᠡᠷᠡᠭᠴᠡᠭᠡ ᠶᠢ ᠬᠠᠮᠢᠶᠠᠷᠤᠨ ᠡᠵᠡᠮᠳᠡᠬᠦ᠂ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ | ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠢ ᠪᠠᠲᠤ ᠰᠠᠬᠢᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ | ᠪᠠᠲᠤ ᠴᠣᠭᠴᠠᠯᠠᠬᠤ ᠬᠡᠷᠡᠭᠲᠡᠢ᠃ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠠᠮᠢ ᠠᠬᠤᠢ ᠶᠢᠨ ᠠᠵᠤ | ᠠᠬᠤᠢ ᠶᠢ ᠬᠥᠭᠵᠢᠭᠦᠯᠬᠦ ᠶᠢ ᠨᠢᠭᠲᠠ ᠤᠶᠠᠯᠳᠤᠭᠤᠯᠵᠤ᠂ ᠣᠢ ᠵᠢᠮᠢᠰ ᠪᠣᠯᠤᠨ ᠮᠣᠳᠣᠯᠢᠭ ᠲᠣᠰᠣᠯᠢᠭ ᠠᠵᠤ | ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠣᠢ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢ | ᠰᠢᠩᠭᠡᠭᠡᠨ ᠠᠪᠬᠤ ᠴᠢᠳᠠᠪᠤᠷᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠮᠢ ᠠᠬᠤᠢ ᠶᠢᠨ ᠥᠷᠲᠡᠭ ᠢ | ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠢ ᠴᠢᠩᠭ᠎ᠠ ᠪᠥᠭᠡᠳ ᠪᠣᠳᠠᠲᠠᠢ ᠪᠠᠷ | ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠵᠦ᠂ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ | ᠰᠠᠶᠢᠲᠤᠷ ᠬᠢᠵᠦ᠂ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠪᠠ ᠤᠤᠭᠤᠬᠤ ᠤᠰᠤᠨ ᠤ ᠡᠬᠢ ᠰᠤᠷᠪᠤᠯᠵᠢ ᠶᠢᠨ | ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ︽ᠤᠰᠤ ᠠᠷᠪᠢᠯᠠᠬᠤ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ | ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠣᠯᠠᠨ ᠲᠠᠯ᠎ᠠ ᠪᠠᠷ ᠵᠡᠷᠭᠡᠪᠡᠷ ᠬᠠᠮᠢᠶᠠᠷᠤᠨ | ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠪᠣᠬᠢᠷᠲᠤᠯ ᠦᠭᠡᠢ ᠥᠨᠳᠥᠷ ᠪᠦᠲᠦᠮᠵᠢᠲᠡᠢ ᠠᠰᠢᠭᠯᠠᠬᠤ ᠶᠢ | ᠠᠬᠢᠭᠤᠯᠬᠤ ᠬᠡᠷᠡᠭᠲᠡᠢ᠃ |