ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/27
   ᠰᠦᠨ ᠱᠤᠤ ᠴᠤᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ   2 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠬᠡᠭᠡᠵᠦ ᠳᠤᠮᠳᠠ ᠲᠦᠪᠰᠢᠨ ᠳᠤ ᠣᠷᠣᠬᠤ︾ ᠶᠢᠨ ᠲᠣᠭᠤᠷᠢᠨ ᠳᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠣᠷᠣᠨ ᠤ ᠨᠡᠶᠢᠭᠡᠮ ᠤᠨ ᠠᠵᠢᠯ ᠢ ᠳᠡᠭᠡᠳᠤ ᠲᠦᠪᠰᠢᠨ ᠳᠤ ᠤᠷᠤᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠱᠢ ᠭᠤᠸᠠᠩ ᠬᠤᠢ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃   ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠦᠨᠳᠦᠰᠦᠨ ᠵᠠᠷᠴᠢᠮ᠂ ᠦᠷᠳᠡᠭ ᠤᠨ ᠬᠠᠨᠳᠤᠰᠢ ᠂ ᠬᠥᠭᠵᠢᠯᠲᠡ ᠶᠢᠨ ᠴᠢᠭᠯᠡᠯ᠂ ᠭᠤᠣᠯᠳᠠᠯᠭ᠎ᠠ ᠲᠠᠢ ᠡᠭᠦᠷᠭᠡ᠂ ᠰᠠᠭᠤᠷᠢ ᠪᠠᠲᠤᠯᠠᠭ᠎ᠠ ᠵᠡᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠭᠢᠯᠭᠡ ᠪᠠᠨ ᠦᠨᠡᠨ ᠬᠦ ᠴᠢᠩᠭᠠᠳᠬᠠᠵᠤ᠂ ᠪᠠᠳᠤ ᠴᠢᠩᠭ᠎ᠠ ᠤᠯᠤᠰ ᠲᠦᠷᠦ ᠶᠢᠨ ᠤᠬᠠᠮᠰᠠᠷ᠂ ᠵᠢᠭᠰᠠᠭᠠᠯ ᠤᠨ ᠭᠠᠵᠠᠷ ᠤᠨ ᠤᠬᠠᠮᠰᠠᠷ ᠪᠣᠯᠤᠨ ᠲᠦᠭᠰᠢᠭᠦᠷᠢ ᠶᠢᠨ ᠤᠬᠠᠮᠰᠠᠷ ᠢᠶᠠᠷ ᠳᠤᠲᠠᠭᠤᠳᠠᠯ ᠢᠶᠠᠨ ᠨᠥᠬᠦᠪᠥᠷᠢᠯᠡᠨ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠨᠡᠶᠢᠭᠡᠮ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠪᠦᠲᠦᠮᠵᠢᠳᠠᠢ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ︽ᠶᠠᠭᠠᠬᠢᠵᠤ ᠪᠠᠶᠢᠭᠤᠯᠬᠤ︾᠂ ︽ᠶᠠᠭᠠᠬᠢᠵᠤ ᠬᠡᠷᠡᠭᠯᠡᠬᠦ︾᠂ ︽ᠬᠡᠨ ᠬᠠᠷᠢᠭᠤᠴᠠᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠢᠨ᠎ᠡ ᠪᠠᠷ ᠮᠠᠨᠳᠤᠭᠰᠠᠨ ᠬᠦᠷᠢᠶᠡᠨ ᠤ ᠡᠯ᠎ᠡ ᠲᠦᠷᠦᠯ ᠤᠨ ᠬᠥᠮᠦᠰ ᠤᠨ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠣᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠦᠳᠦᠯᠥᠨ ᠳᠠᠭᠠᠭᠤᠯᠬᠤ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠦᠢᠯᠡᠳᠦᠯ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠪᠬᠢ ᠶᠢ ᠴᠢᠩᠭᠠᠳᠬᠠᠵᠤ᠂ ᠳᠡᠭᠡᠷ᠎ᠠ ᠱᠠᠲᠤᠨ ᠤ ︽ᠦᠢᠯᠡᠳᠦᠭᠰᠡᠨ︾ ᠴᠢᠬᠤᠯᠠ ᠪᠤᠰᠤ ᠳᠠᠷᠤᠭᠠᠰᠤ ᠪᠣᠯᠤᠨ ᠲᠤᠤᠷ᠎ᠠ ᠱᠠᠲᠤᠨ ᠤ ︽ᠥᠪᠡᠰᠦᠪᠡᠨ ᠦᠢᠯᠡᠳᠦᠭᠰᠡᠨ︾ ᠢᠯᠡᠭᠦᠴᠡ ᠳᠠᠷᠤᠭᠠᠰᠤ ᠶᠢ ᠨᠢᠭᠡᠳᠦᠯᠲᠡᠢ ᠲᠥᠯᠥᠪᠵᠢᠭᠦᠯᠦᠨ ᠦᠨᠳᠦᠰᠦᠨ ᠠᠴᠠ ᠨᠢ ᠵᠠᠰᠠᠵᠤ᠂ ᠬᠡᠮᠵᠢᠶ᠎ᠡ ᠠᠴᠠ ᠬᠡᠳᠤᠷᠠᠳᠠᠯ᠎ᠠ ᠭᠠᠳᠠᠭᠰᠢᠯᠠᠭᠤᠯᠬᠤ᠂ ᠳᠠᠭᠠᠭᠠᠴᠠ ᠠᠴᠠ ᠬᠡᠲᠦᠷᠡᠳᠠᠯ᠎ᠠ ᠲᠡᠬᠡᠬᠡᠪᠦᠷᠢᠯᠡᠬᠦ᠂ ᠬᠡᠳᠤᠷᠠᠳᠡᠯ᠎ᠠ ᠮᠠᠯᠲᠠᠬᠤ᠂ ᠳᠠᠭᠠᠭᠠᠴᠠ ᠠᠴᠠ ᠬᠡᠲᠦᠷᠠᠲᠡᠯ᠎ᠡ ᠪᠡᠯᠴᠢᠭᠡᠷᠯᠡᠬᠦᠯᠬᠦ᠂ ᠲᠥᠰᠦᠪ ᠠᠴᠠ ᠬᠡᠲᠦᠷᠡᠭᠦᠯᠬᠦ ᠵᠡᠷᠭᠡ ᠡᠷᠦᠢ ᠬᠤᠷᠦᠢ ᠦᠬᠡᠢ ᠦᠵᠡᠭᠳᠡᠯ ᠢ ᠬᠦᠴᠦᠲᠡᠢ ᠴᠡᠭᠴᠡᠯᠡᠨ ᠵᠠᠰᠠᠵᠤ᠂ ᠨᠡᠶᠢᠭᠡᠮ ᠤᠨ ᠵᠥᠷᠢᠴᠡᠯ ᠢ ᠭᠦᠨᠵᠡᠭᠡᠢ ᠠᠷᠢᠯᠭᠠᠵᠤ᠂ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ᠃ ᠣᠯᠠᠨ ᠲᠦᠮᠡᠨ ᠲᠠᠢ ᠪᠦᠯᠬᠦᠮᠳᠡᠨ ᠣᠯᠠᠨ ᠲᠦᠮᠡᠨ ᠳᠤ ᠦᠢᠯᠡᠴᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠲᠤᠬᠠᠢ ᠣᠯᠠᠨ ᠲᠦᠮᠡᠨ ᠤ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠢᠳᠡᠪᠬᠢᠲᠡᠶ ᠪᠦᠭᠡᠳ ᠰᠠᠨᠠᠭᠠᠴᠢᠯᠠᠭ᠎ᠠ ᠠᠴᠠ ᠪᠠᠨ ᠠᠷᠠᠳ ᠲᠦᠮᠡᠨ ᠤ ᠰᠠᠨᠠᠭᠤᠯᠭ᠎ᠠ ᠶᠢ ᠬᠤᠷᠢᠶᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠪᠣᠯᠤᠨ ᠨᠡᠶᠢᠭᠡᠮ ᠤᠨ ᠠᠵᠢᠯ ᠤᠨ ᠲᠤᠰᠬᠠᠶ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠠᠷᠠᠳ ᠤᠨ ᠵᠣᠪᠠᠭᠤᠷᠢ ᠶᠢ ᠨᠠᠩ ᠰᠠᠶᠢᠲᠤᠷ ᠰᠢᠢᠳᠪᠦᠷᠢᠯᠡᠵᠦ᠂ ᠠᠷᠠᠳ ᠤᠨ ᠣᠶᠤᠨ ᠤᠬᠠᠭᠠᠨ ᠢ ᠨᠠᠩ ᠰᠠᠶᠢᠲᠤᠷ ᠲᠥᠪᠯᠡᠷᠡᠭᠦᠯᠵᠦ᠂ ᠠᠷᠠᠳ ᠤᠨ ᠰᠡᠳᠭᠢᠯ ᠢ ᠨᠠᠩ ᠰᠠᠶᠢᠲᠤᠷ ᠨᠢᠭᠲᠠᠷᠠᠭᠤᠯᠬᠤ ᠬᠡᠷᠡᠭᠲᠡᠶ᠃ ᠨᠡᠶᠢᠭᠡᠮ ᠤᠨ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠲᠣᠳᠣᠷᠬᠠᠢ᠂ ᠲᠦᠷᠢᠮ ᠲᠣᠭᠲᠠᠴᠠ ᠰᠢᠯᠢᠳᠡᠭ᠂ ᠬᠡᠯᠪᠡᠷᠢ ᠠᠷᠭ᠎ᠠ ᠪᠠᠷᠢᠯ ᠰᠢᠨ᠎ᠡ᠂ ᠲᠤᠰ ᠪᠡᠶ᠎ᠡ ᠶᠢᠨ ᠪᠠᠶᠢᠭᠤᠯᠤᠯᠲᠠ ᠬᠦᠴᠦᠷᠬᠡᠭ ᠪᠠᠶᠢᠬᠤ ᠶᠢ ᠪᠡᠶᠡᠯᠡᠭᠦᠯᠵᠦ᠂ ᠨᠢᠭᠡᠳᠭᠡᠬᠦ ᠰᠠᠯᠭᠠᠬᠤ ᠶᠢ ᠤᠶᠠᠯᠳᠤᠭᠤᠯᠵᠤ᠂ ᠬᠠᠮᠵᠢᠯᠴᠠᠭᠰᠠᠨ ᠥᠨᠳᠥᠷ ᠪᠦᠲᠦᠮᠵᠢᠲᠡᠢ ᠠᠵᠢᠯ ᠤᠨ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ ᠭᠡᠪᠡ᠃ᠬᠤᠷᠠᠯ ᠳᠡᠭᠡᠷ᠎ᠡ᠂ ᠬᠥᠬᠡᠬᠤᠲᠠ᠂ ᠪᠠᠶᠠᠨᠨᠠᠭᠤᠷ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠵᠤ ᠦᠭᠡ ᠬᠡᠯᠡᠵᠡᠶ᠃   ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号