ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠠᠵᠢᠯ ᠢ ᠡᠬᠢᠯᠡᠭᠦᠯᠵᠦ ᠣᠨ ᠤ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2025/3/10
   ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠨᠢᠭᠡ ᠲᠠᠯ᠎ᠠ ᠪᠠᠷ ᠠᠮᠤ ᠪᠤᠳᠠᠭᠠᠨ ᠤ ᠠᠮᠤᠷ ᠲᠦᠪᠰᠢᠨ ᠲᠠᠢ ᠬᠤᠯᠪᠣᠯᠳᠤᠵᠤ᠂ ᠨᠥᠭᠦᠭᠡ ᠲᠠᠯ᠎ᠠ ᠪᠠᠷ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠲᠠᠢ ᠬᠤᠯᠪᠣᠯᠳᠤᠵᠤ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠲᠣᠮᠣ ᠶᠠᠪᠤᠳᠠᠯ ᠮᠥᠨ︾ ᠪᠣᠯᠬᠤ ᠶᠢ ᠢᠮᠠᠭᠲᠠ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠲᠠᠷᠢᠶᠠᠯᠠᠩ ᠤᠨ ︽ᠲᠠᠷᠢᠶᠠᠯᠠᠬᠤ︾ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ᠃    ᠣᠳᠣᠬᠠᠨ ᠳᠤ ᠶᠠᠭ ᠲᠠᠷᠢᠶᠠᠯᠠᠩ ᠤᠨ ᠰᠡᠯᠡᠭᠦᠦ ᠴᠠᠭ ᠲᠤ ᠪᠠᠶᠢᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤᠨ ᠤ ᠰᠢᠨ ᠹᠠ ᠭᠠᠴᠠᠭᠠᠨ ᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠲᠠᠷᠢᠶᠠᠨ ᠭᠠᠵᠠᠷ ᠲᠤ ᠮᠠᠰᠢ ᠶᠠᠭᠠᠷᠠᠯᠲᠠᠢ ᠪᠠᠶᠢᠳᠠᠯ ᠢᠯᠡᠷᠡᠪᠡ᠃ ᠮᠠᠰᠢᠨ ᠮᠧᠬᠠᠨᠢᠭ ᠤᠨ ᠳᠠᠭᠤᠨ ᠨᠢᠵᠢᠭᠢᠨᠡᠵᠦ᠂ ᠮᠠᠯᠲᠠᠭᠤᠷ ᠮᠠᠰᠢᠨ᠂ ᠲᠡᠭᠡᠭᠡᠪᠦᠷᠢ ᠶᠢᠨ ᠲᠡᠷᠭᠡ᠂ ᠰᠢᠷᠣᠢ ᠲᠦᠯᠬᠢᠬᠦ ᠮᠠᠰᠢᠨ ᠨᠠᠰᠢ ᠴᠠᠰᠢ ᠰᠦᠯᠵᠢᠯᠳᠦᠨ᠂ ᠬᠤᠳᠳᠤᠭ ᠥᠷᠥᠮᠳᠡᠬᠦ ᠮᠠᠰᠢᠨ ᠲᠠᠷᠢᠶᠠᠨ ᠭᠠᠵᠠᠷ ᠲᠤ ᠨᠢᠵᠢᠭᠢᠨᠡᠵᠦ᠂ ᠠᠵᠢᠯᠴᠢᠳ ᠬᠠᠬᠢᠷ ᠬᠦᠢᠲᠡᠨ ᠠᠴᠠ ᠠᠶᠤᠬᠤ ᠦᠭᠡᠢ ᠪᠠ ᠰᠢᠷ᠎ᠠ ᠡᠯᠡᠰᠦ ᠠᠴᠠ ᠠᠶᠤᠬᠤ ᠦᠭᠡᠢ ᠬᠤᠭᠤᠷᠣᠨᠳᠣ ᠨᠢᠭᠲᠠ ᠬᠠᠮᠵᠢᠯᠴᠠᠵᠤ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢ ᠡᠷᠲᠡᠬᠡᠨ ᠪᠠᠶᠢᠭᠤᠯᠤᠨ ᠪᠦᠲᠦᠭᠡᠵᠦ᠂ ᠡᠷᠲᠡᠬᠡᠨ ᠠᠷᠠᠳ ᠲᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠪᠠ᠃ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤᠨ ᠤ ᠰᠢᠨ ᠹᠠ ᠭᠠᠴᠠᠭᠠᠨ ᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠲᠥᠷᠥᠯ ᠵᠦᠢᠯ ︵ᠨᠢᠭᠡᠳᠦᠭᠡᠷ ᠪᠠᠷᠢᠮᠵᠢᠶᠠᠲᠤ ᠬᠡᠰᠡᠭ︶︶ ᠤᠨ ᠪᠦᠲᠦᠭᠡᠨ ᠪᠠᠶᠢᠭᠤᠯᠤᠯᠲᠠ ᠶᠢᠨ ᠠᠵᠢᠯᠲᠠᠨ ᠪᠣᠯ 43 ᠬᠥᠮᠦᠨ᠂ ᠪᠠᠷᠢᠯᠭ᠎ᠠ ᠶᠢᠨ ᠮᠠᠰᠢᠨ ᠨᠡᠶᠢᠲᠡ 24 ᠪᠠᠶᠢᠵᠤ᠂ ᠣᠳᠣᠬᠠᠨ ᠳᠤ ᠡᠯ᠎ᠡ ᠵᠦᠢᠯ ᠤᠨ ᠠᠵᠢᠯ ᠴᠥᠮ ᠪᠠᠴᠢᠮ ᠶᠠᠭᠠᠷᠠᠯᠲᠠᠢ ᠪᠥᠭᠡᠳ ᠡᠮᠬᠢ ᠵᠢᠷᠤᠮ ᠲᠠᠢ ᠶᠠᠪᠤᠭᠳᠠᠵᠤ᠂ ᠵᠢᠱᠢᠯᠲᠡ ᠪᠠᠷ ᠡᠨᠡ ᠵᠢᠯ ᠤᠨ 5 ᠰᠠᠷ᠎ᠠ ᠶᠢᠨ 15 ᠤ ᠡᠳᠦᠷ ᠭᠤᠣᠯ ᠴᠣᠭᠴᠠ ᠶᠢᠨ ᠢᠨᠵᠧᠨᠧᠷᠢᠩ ᠢ ᠳᠠᠭᠤᠰᠬᠠᠨ᠎ᠠ︾ ᠬᠡᠵᠤ ᠥᠪᠥᠷ ᠮᠣᠩᠭᠤᠯ ᠤᠨ ᠲᠠᠢ ᠷᠦᠨ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠲᠤᠬᠠᠢ ᠶᠢᠨ ᠲᠠᠯᠠᠪᠠᠢ ᠶᠢᠨ ᠬᠠᠷᠢᠭᠤᠴᠠᠯᠭᠠᠲᠠᠨ ᠺᠦᠩ ᠳ᠋ᠧ ᠰᠢᠨ ᠬᠡᠯᠡᠪᠡ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠡᠶᠢᠲᠡ 14.24 ᠲᠦᠮᠡᠨ ᠮᠦ ᠪᠠᠶᠢᠨ᠎ᠠ᠃ ᠡᠭᠦᠨ ᠳᠤ ᠭᠤᠣᠯ ᠤᠨ ᠪᠠᠶᠢᠰᠢᠩ ᠪᠠᠯᠭᠠᠰᠤᠨ ᠤ ᠰᠢᠨ ᠹᠠ ᠭᠠᠴᠠᠭᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠲᠥᠷᠥᠯ ᠵᠦᠢᠯ ︵ᠨᠢᠭᠡᠳᠦᠭᠡᠷ ᠪᠠᠷᠢᠮᠵᠢᠶᠠᠲᠤ ᠬᠡᠰᠡᠭ︶ ᠤᠨ ᠪᠦᠲᠦᠭᠡᠨ ᠪᠠᠶᠢᠭᠤᠯᠤᠯᠲᠠ ᠶᠢᠨ ᠣᠷᠣᠨ ᠪᠦᠰᠡ 0.995 ᠲᠦᠮᠡᠨ ᠮᠦ ᠪᠠᠶᠢᠵᠤ᠂ ᠭᠠᠵᠠᠷ ᠰᠢᠷᠣᠢ ᠶᠢ ᠲᠡᠭᠰᠢᠯᠡᠬᠦ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠤᠰᠤ᠂ ᠲᠠᠷᠢ᠊ ᠡᠶ᠎ᠡ᠂ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠪᠠ ᠲᠠᠷᠢᠶᠠᠨ ᠭᠠᠵᠠᠷ ᠤᠨ ᠬᠠᠯᠬᠠᠪᠴᠢ ᠣᠢ ᠵᠡᠷᠭᠡ ᠠᠭᠤᠯᠭ᠎ᠠ ᠶᠢ ᠬᠠᠮᠤᠷᠤᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠷᠰᠤᠮᠤ ᠪᠠᠯᠭᠠᠰᠤᠨ ᠤ ᠬᠤᠸᠠ ᠳ᠋ᠧᠩ ᠭᠠᠴᠠᠭ᠎ᠠ ᠶᠢᠨ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠳᠥᠷᠪᠡᠨ ᠪᠠᠷᠢᠮᠵᠢᠶᠠᠲᠤ ᠬᠡᠰᠡᠭ︶ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠠᠳᠠᠯᠢᠬᠠᠨ ᠶᠠᠪᠤᠭᠳᠠᠵᠤ ᠪᠠᠶᠢᠪᠠ᠃    ᠲᠤᠬᠠᠢ ᠶᠢᠨ ᠲᠠᠯᠠᠪᠤᠷ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠪᠦᠲᠦᠮᠵᠢᠲᠡᠢ ᠰᠠᠶᠢᠵᠢᠷᠠᠭᠤᠯᠵᠤ᠂ ᠭᠠᠵᠠᠷ ᠰᠢᠷᠣᠢ ᠶᠢᠨ ᠤᠰᠤᠯᠠᠯᠲᠠ ᠪᠠ ᠤᠰᠤ ᠵᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠲᠠᠷᠢᠮᠠᠯ ᠤᠨ ᠥᠰᠥᠯᠲᠡ ᠳᠤ ᠨᠡᠩ ᠠᠰᠢᠭᠲᠠᠢ ᠣᠷᠴᠢᠨ ᠨᠥᠬᠦᠴᠡᠯ ᠢ ᠬᠠᠩᠭᠠᠵᠤ᠂ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠪᠠ ᠬᠡᠪᠴᠢᠶᠡᠵᠢᠭᠰᠡᠨ ᠡᠵᠡᠩᠨᠡᠯᠲᠡ ᠪᠠᠷ ᠳᠠᠮᠵᠢᠭᠤᠯᠤᠨ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠷᠰᠤᠮᠤ ᠪᠠᠯᠭᠠᠰᠤᠨ ᠤ ᠬᠤᠸᠠ ᠳ᠋ᠧᠩ ᠭᠠᠴᠠᠭᠠᠨ ᠤ ᠠᠷᠠᠳ ᠨᠠᠷᠠᠨᠲᠤᠶᠠᠭ᠎ᠠ᠄ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠨᠢ ᠮᠠᠰᠢᠨᠴᠢᠯᠠᠭᠰᠠᠨ ᠲᠠᠷᠢᠶᠠᠯᠠᠬᠤ ᠨᠥᠬᠦᠴᠡᠯ ᠢ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠮᠠᠨ ᠤ ᠲᠠᠷᠢᠶᠠᠴᠢᠳ ᠤᠨ ᠲᠡᠷᠢᠬᠤ ᠥᠪᠡᠷ ᠤᠨ ᠥᠷᠲᠡᠭ ᠢ ᠪᠦᠲᠦᠮᠵᠢᠲᠡᠢ ᠪᠠᠭᠤᠷᠠᠭᠤᠯᠵᠤ᠂ ᠪᠢᠳᠡ ᠠᠮᠤ ᠪᠤᠳᠠᠭ᠎ᠠ ᠲᠠᠷᠢᠬᠤ ᠨᠥᠬᠦᠴᠡᠯ ᠨᠠᠩ ᠭᠦᠢᠴᠡᠳ ᠪᠣᠯᠵᠠᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠦᠨᠵᠡᠭᠡᠢ ᠬᠡᠷᠡᠭᠵᠢᠭᠦᠯᠬᠦ ᠶᠢ ᠳᠠᠭᠠᠯᠳᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠲᠠᠷᠢᠶᠠᠨ ᠭᠠᠵᠠᠷ ᠢ ᠳᠥᠷᠪᠡᠯᠵᠢᠨ ᠪᠣᠯᠭᠠᠨ᠂ ᠣᠢ ᠰᠢᠭᠤᠢ ᠶᠢ ᠲᠣᠣᠷ ᠪᠣᠯᠭᠠᠵᠤ᠂ ᠭᠤᠤ ᠰᠤᠪᠠᠭ ᠢ ᠬᠠᠷᠢᠯᠴᠠᠨ ᠨᠡᠪᠲᠡᠷᠡᠭᠦᠯᠵᠦ᠂ ᠰᠤᠪᠠᠭ ᠢ ᠬᠠᠷᠢᠯᠴᠠᠨ ᠬᠤᠯᠪᠣᠵᠤ᠂ ᠭᠠᠩ ᠬᠠᠭᠰᠠᠷᠠᠭᠠᠨ ᠳᠤ ᠤᠰᠤᠯᠠᠯᠲᠠ ᠬᠢᠵᠦ᠂ ᠤᠰᠤᠲᠤᠯ ᠢ ᠠᠷᠢᠯᠭᠠᠵᠤ ᠳᠡᠶᠢᠯᠬᠦ︾ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠢᠭᠡᠨᠲᠡ ᠠᠩᠬ᠎ᠠ ᠠᠯᠬᠤᠮ ᠬᠡᠪᠴᠢᠶᠡᠵᠢᠭᠦᠯᠦᠭᠰᠡᠨ ᠪᠠᠶᠢᠨ᠎ᠠ᠃ ᠤᠯᠠᠮ ᠠᠷᠪᠢᠨ ᠲᠠᠷᠢᠶᠠᠨ ᠭᠠᠵᠠᠷ ᠶᠠᠭ ᠲᠦᠷᠭᠡᠨ ᠰᠠᠶᠢᠨ ᠲᠠᠷᠢᠶᠠᠨ ᠭᠠᠵᠠᠷ ᠲᠡᠰᠢ ᠬᠤᠪᠢᠷᠠᠵᠤ ᠪᠠᠶᠢᠨ᠎ᠠ᠃ ᠡᠨᠡ ᠵᠢᠯ ᠤᠨ 2 ᠰᠠᠷ᠎ᠠ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠢᠭᠡᠨᠲᠡ 221 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ ᠳᠠᠭᠤᠰᠬᠠᠪᠠ᠃ 2025 ᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠱᠢᠯᠲᠡ ᠪᠠᠷ 24.24 ᠲᠦᠮᠡᠨ ᠮᠦ ᠪᠦᠲᠦᠭᠡᠨ ᠪᠠᠶᠢᠭᠤᠯᠵᠤ᠂ ᠵᠢᠱᠢᠯᠲᠡ ᠪᠠᠷ 2035 ᠣᠨ ᠤ ᠡᠴᠦᠰ ᠪᠣᠯᠬᠤ ᠳᠤ᠂ ᠪᠦᠬᠦ ᠬᠤᠰᠢᠭᠤᠨ ᠤ 372 ᠲᠦᠮᠡᠨ ᠮᠦ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号