ᠤᠮᠠᠷᠠᠲᠤ ᠬᠢᠯᠢ ᠶᠢᠨ ᠷᠢᠳᠢ ᠰᠢᠳᠢ ᠶᠢ ᠰᠣᠨᠢᠷᠬᠠᠵᠤ ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2025/3/10
    ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠶᠢᠵᠢᠭᠤᠯᠵᠤ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠳᠥᠷᠥᠯᠵᠢ ᠪᠠᠯᠭᠠᠰᠤᠨ ᠤ ᠪᠠᠶᠠᠨᠲᠠᠯ᠎ᠠ ᠭᠠᠴᠠᠭ᠎ᠠ ︽ᠤᠮᠠᠷᠠᠲᠤ ᠬᠢᠯᠢ ᠶᠢᠨ ᠷᠢᠳᠢ ᠰᠢᠳᠢ ᠶᠢ ᠰᠣᠨᠢᠷᠬᠠᠵᠤ ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠤᠶ᠎ᠠ︾ ᠭᠡᠬᠦ ᠭᠤᠷᠪᠠᠨ ᠰᠠᠷ᠎ᠠ ᠶᠢᠨ ᠨᠠᠢᠮᠠᠨ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ ᠤᠳᠬ᠎ᠠ ᠤᠷᠠᠯᠢᠭ ᠰᠣᠶᠣᠯ ᠤᠨ ᠠᠵᠢᠯᠯᠠᠭ᠎ᠠ ᠥᠷᠨᠢᠭᠦᠯᠵᠦ᠂ ᠨᠢᠭᠡ ᠤᠳᠠᠭᠠᠨ ᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠥᠷᠭᠡᠨ ᠣᠯᠠᠨ ᠡᠮᠡᠭᠲᠡᠶᠢᠴᠦᠳ ᠤᠨ ᠬᠦᠴᠦᠨ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠮᠡᠭᠲᠡᠶᠢᠴᠦᠳ ᠭᠤᠶᠢᠳᠠ ᠰᠠᠶᠢᠬᠠᠨ ᠬᠤᠪᠴᠠᠰᠤ ᠵᠠᠰᠠᠯ ᠢᠶᠠᠷ ᠢᠶᠠᠨ ᠬᠠᠩᠭᠢᠨᠠᠲᠠᠯ᠎ᠠ ᠪᠥᠵᠢᠭᠯᠡᠵᠦ᠂ ᠲᠡᠳᠡ ᠬᠠᠩᠭᠢᠨᠠᠮ᠎ᠠ ᠳᠠᠭᠤᠤ ᠪᠠᠷ ᠢᠶᠠᠨ ᠨᠤᠲᠤᠭ ᠤᠰᠤᠨ ᠤ᠂ ᠠᠮᠢᠳᠤᠷᠠᠯ ᠳᠠᠭᠠᠨ ᠬᠠᠶᠢᠷᠠᠲᠠᠢ ᠰᠡᠳᠬᠢᠯᠭᠡ ᠪᠠᠨ ᠳᠠᠭᠤᠯᠠᠵᠤ᠂ ᠶᠠᠩᠭᠠᠷ᠂ ᠪᠥᠵᠢᠭ᠂ ᠭᠤᠴᠣᠯᠠᠯ ᠳᠠᠭᠤᠤ᠂ ᠱᠤᠭ ᠵᠦᠴᠦᠭᠡ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠳᠡᠰ ᠳᠠᠷᠠᠭᠠᠯᠠᠨ ᠲᠣᠭᠯᠠᠵᠤ᠂ ᠬᠠᠯᠠᠭᠤᠨ ᠰᠡᠳᠬᠢᠯᠭᠡ ᠲᠠᠢ ᠲᠣᠭᠯᠠᠯᠲᠠ ᠪᠠᠷ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠲᠠᠶᠢᠰᠠᠨ ᠳᠣᠣᠷᠠᠬᠢ ᠨᠢᠵᠢᠭᠢᠨᠡᠲᠡᠯ᠎ᠡ ᠠᠯᠠᠭ᠎ᠠ ᠲᠠᠰᠢᠪᠠ᠃ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠶᠢᠨ ᠬᠠᠮᠲᠤ ᠲᠡᠳᠡᠨ ᠳᠤ ᠢᠷᠠᠭᠤ ᠠᠯᠳᠠᠷ ᠤᠨ ᠦᠨᠡᠮᠯᠡᠯ ᠵᠢᠴᠢ ᠱᠠᠩᠨᠠᠯ ᠣᠯᠭᠤᠪᠠ᠃ ᠢᠷᠠᠭᠤ ᠠᠯᠳᠠᠷ ᠤᠨ ᠦᠨᠡᠮᠯᠡᠯ ᠣᠯᠭᠤᠨ᠎ᠠ᠃ ︽ᠡᠨᠡ ᠬᠦ ᠠᠵᠢᠯᠯᠠᠭ᠎ᠠ ᠨᠢ ᠮᠠᠰᠢ ᠬᠥᠷ ᠬᠥᠭᠵᠢᠶᠡᠨ ᠲᠠᠢ᠂ ᠳᠠᠭᠤᠤ ᠳᠠᠭᠤᠯᠠᠬᠤ᠂ ᠪᠥᠵᠢᠭ ᠪᠥᠵᠢᠭᠯᠡᠬᠦ᠂ ᠠᠭᠤᠷ ᠠᠮᠢᠰᠬᠤᠯ ᠮᠠᠰᠢ ᠰᠠᠶᠢᠨ ᠪᠠᠶᠢᠨ᠎ᠠ᠃ ᠪᠠᠰᠠ ︿ᠰᠠᠶᠢᠨ ᠬᠠᠳᠠᠮ ᠡᠵᠢ﹀ ︿ᠰᠠᠶᠢᠨ ᠪᠡᠷᠢ﹀ ᠶᠢ ᠰᠢᠯᠭᠠᠷᠠᠭᠤᠯᠵᠤ᠂ ᠪᠢᠳᠡᠨ ᠢ ᠶᠡᠬᠡᠳᠡ ᠵᠣᠷᠢᠭᠵᠢᠭᠤᠯᠵᠤ᠂ ᠪᠢᠳᠡ ᠪᠠᠰᠠ ᠰᠠᠶᠢᠨ ᠭᠡᠷ ᠤᠨ ᠰᠤᠷᠲᠠᠯ ᠢ ᠰᠠᠶᠢᠲᠤᠷ ᠵᠠᠯᠭᠠᠮᠵᠢᠯᠠᠵᠤ ᠴᠢᠳᠠᠨ᠎ᠠ ︾ ᠬᠡᠵᠤ ᠳᠥᠷᠥᠯᠵᠢ ᠪᠠᠯᠭᠠᠰᠤᠨ ᠤ ᠪᠠᠶᠠᠨᠬᠠᠷ᠎ᠠ ᠭᠠᠴᠠᠭᠠᠨ ᠤ ᠠᠷᠠᠳ ᠵᠤᠤ ᠢᠦᠢ ᠶᠢᠩ ᠬᠡᠯᠡᠪᠡ᠃    ᠲᠤᠰ ᠤᠳᠠᠭᠠᠨ ᠤ ᠠᠵᠢᠯᠯᠠᠭ᠎ᠠ ᠨᠢ ᠡᠮᠡᠭᠲᠡᠶᠢᠴᠦᠳ ᠲᠤ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠭᠠᠴᠠᠭ᠎ᠠ ᠲᠣᠰᠬᠤᠨ ᠤ ᠠᠷᠠᠳ ᠢ ᠳᠠᠭᠤᠷᠢᠶᠠᠯ ᠲᠠᠢ᠂ ᠪᠠᠷᠢᠮᠵᠢᠶ᠎ᠠ ᠲᠠᠢ᠂ ᠠᠵᠢᠯᠯᠠᠬᠤ ᠴᠢᠭᠯᠡᠯ ᠲᠠᠢ ᠪᠣᠯᠭᠠᠵᠤ᠂ ᠭᠠᠴᠠᠭ᠎ᠠ ᠲᠣᠰᠬᠤᠨ ᠤ ᠠᠷᠠᠳ ᠤᠨ ᠰᠠᠶᠢᠨ ᠰᠠᠶᠢᠬᠠᠨ ᠵᠠᠩ ᠮᠣᠷᠠᠯ ᠤᠨ ᠬᠥᠭᠡᠭᠡᠴᠡᠯᠳᠦᠯ ᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠬᠡᠪ ᠵᠠᠩᠰᠢᠯ ᠢ ᠥᠭᠡᠷᠡᠴᠢᠯᠡᠬᠦ ᠭᠦᠨᠵᠡᠭᠡᠶᠢᠷᠡᠨ ᠪᠣᠳᠠᠲᠠᠶᠢᠵᠢᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃ ᠲᠠᠶᠢᠰᠠᠨ ᠳᠣᠣᠷᠠᠬᠢ ᠦᠵᠡᠭᠴᠢᠳ ᠭᠤᠶᠢᠳᠠ ᠰᠠᠶᠢᠬᠠᠨ ᠲᠣᠭᠯᠠᠯᠲᠠ ᠭᠠᠷᠭᠠᠪᠠ᠃ ︽ᠥᠨᠥᠳᠦᠷ ᠤᠨ ᠤᠷᠠᠨ ᠰᠠᠶᠢᠬᠠᠨ ᠤ ᠲᠣᠭᠯᠠᠯᠲᠠ ᠨᠢ ᠨᠤᠲᠤᠭ ᠤᠨ ᠠᠬ᠎ᠠ ᠳᠡᠭᠦᠦ ᠨᠡᠷ ᠲᠤ ᠪᠠᠶᠠᠷ ᠪᠠᠶᠠᠰᠤᠯ ᠢ ᠠᠪᠴᠢᠷᠠᠭᠰᠠᠨ ᠢᠶᠠᠷ ᠪᠠᠷᠠᠬᠤ ᠦᠭᠡᠢ ᠪᠠᠰᠠ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠪᠡ᠃ ᠳᠠᠷᠠᠭᠠᠴᠢ ᠶᠢᠨ ᠠᠯᠬᠤᠮ ᠳᠤ᠂ ᠭᠠᠴᠠᠭᠠᠨ ᠤ ᠡᠮᠡᠭᠲᠡᠶᠢᠴᠦᠳ ᠤᠨ ᠬᠤᠯᠪᠣᠭ᠎ᠠ ᠦᠷᠭᠦᠯᠵᠢᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠨᠡᠩ ᠪᠠᠶᠠᠯᠢᠭ ᠰᠠᠶᠢᠬᠠᠨ ᠰᠣᠶᠣᠯ᠂ ᠰᠤᠷᠭᠠᠨ ᠬᠥᠮᠦᠵᠢᠯ᠂ ᠡᠷᠡᠭᠦᠯ ᠮᠡᠨᠳᠦ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ᠡᠭᠦᠨ ᠤ ᠬᠠᠮᠲᠤ᠂ ᠪᠢᠳᠡ ᠵᠠᠩ ᠳᠠᠳᠬᠠᠯ ᠢ ᠥᠭᠡᠷᠡᠴᠢᠯᠡᠬᠦ ᠶᠢ ᠢᠳᠡᠪᠬᠢᠲᠡᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃ ᠳᠥᠷᠥᠯᠵᠢ ᠪᠠᠯᠭᠠᠰᠤᠨ ᠤ ᠪᠠᠶᠠᠨᠬᠠᠷ᠎ᠠ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠨ ᠤ ᠲᠡᠷᠢᠭᠦᠯᠡᠭᠴᠢ ᠯᠢ ᠰᠠᠷᠠᠨ᠎ᠠ ᠬᠡᠯᠡᠪᠡ᠃    ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ ᠵᠢᠴᠢ ᠥᠷᠭᠡᠨ ᠣᠯᠠᠨ ᠡᠮᠡᠭᠲᠡᠶᠢᠴᠦᠳ ᠨᠡᠶᠢᠭᠡᠮ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠤᠨ᠂ ᠡᠭᠦᠷᠭᠡ ᠬᠠᠷᠢᠭᠤᠴᠠᠯᠭ᠎ᠠ ᠶᠢ ᠢᠮᠠᠭᠲᠠ ᠪᠠᠲᠤ ᠡᠭᠦᠷᠭᠡᠯᠡᠵᠦ᠂ ᠪᠣᠯᠪᠠᠰᠤᠨ ᠬᠡᠪ ᠰᠤᠷᠲᠠᠯ ᠤᠨ ᠰᠠᠨᠠᠭᠠᠴᠢᠯᠠᠭᠴᠢ ᠪᠣᠯᠬᠤ ᠪᠠᠷ ᠴᠢᠷᠮᠠᠶᠢᠵᠤ᠂ ᠵᠣᠷᠢᠭᠲᠠᠢ ᠪᠠᠷ ᠬᠦᠰᠡᠯ ᠵᠡᠭᠦᠳᠦ ᠪᠠᠨ ᠬᠥᠭᠡᠭᠡᠴᠡᠯᠳᠦᠭᠴᠢ ᠪᠣᠯᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号