ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ | ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ | ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠠᠷᠭ᠎ᠠ ᠬᠡᠮᠵᠢᠶ᠎ᠡ ᠶᠢᠨ | ᠪᠣᠳᠠᠲᠠᠢ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠪᠡ᠃ 3 ᠰᠠᠷ᠎ᠠ ᠶᠢᠨ 6 ᠤ | ᠡᠳᠦᠷ᠂ ᠪᠠᠶᠠᠨᠬᠤᠰᠢᠭᠤ ᠪᠠᠯᠭᠠᠰᠤ 2025 ᠣᠨ ᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠱᠠᠩᠨᠠᠯ | ᠨᠥᠬᠦᠪᠥᠷᠢ᠂ ᠡᠷᠦᠬᠡ ᠳᠤ ᠬᠦᠷᠬᠦ ᠠᠵᠤ ᠦᠶ᠋ᠯᠡᠰ ᠢ ᠲᠡᠳᠬᠦᠨ ᠱᠠᠩᠨᠠᠵᠤ ᠨᠥᠬᠦᠪᠥᠷᠢᠯᠡᠬᠦ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠪᠠᠯᠭᠠᠰᠤᠨ ᠤ ᠳᠠᠷᠤᠭ᠎ᠠ ᠴᠧᠨ ᠳ᠋ᠠᠨ ᠬᠤᠷᠠᠯ ᠡᠷᠬᠢᠯᠡᠵᠦ᠂ ᠡᠯ᠎ᠡ ᠭᠠᠴᠠᠭᠠᠨ ᠤ ᠲᠣᠰᠬᠤᠨ ᠳᠤ ᠰᠠᠭᠤᠭ᠎ᠠ ᠨᠢᠭᠡᠳᠦᠭᠡᠷ | ᠱᠦᠵᠢ᠂ ᠨᠠᠮ ᠤᠨ ᠡᠭᠦᠷ ᠤᠨ ᠱᠦᠵᠢ᠂ ᠬᠠᠪᠰᠤᠷᠤᠨ ᠬᠠᠮᠢᠶᠠᠷᠤᠭᠴᠢ ᠵᠢᠴᠢ ᠪᠠᠯᠭᠠᠰᠤᠨ ᠤ ᠠᠵᠢᠯᠯᠠᠬᠤ | ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠠᠢ᠃ | ᠬᠤᠷᠠᠯ ᠠᠴᠠ 2025 ᠣᠨ ᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠱᠠᠩᠨᠠᠯ | ᠨᠥᠬᠦᠪᠥᠷᠢ ᠶᠢᠨ ᠲᠥᠷᠥᠯ ᠵᠦᠢᠯ ᠤᠨ ᠠᠵᠢᠯ ᠤᠨ ᠠᠭᠤᠯᠭ᠎ᠠ᠂ ᠪᠣᠳᠠᠲᠠᠢ ᠱᠠᠭᠠᠷᠳᠠᠯᠭ᠎ᠠ᠂ ᠴᠠᠭ ᠬᠤᠭᠤᠴᠠᠭ᠎ᠠ | ᠵᠡᠷᠭᠡ ᠶᠢ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠲᠤᠰᠬᠠᠢ ᠵᠦᠢᠯ ᠤᠨ ᠪᠣᠯᠪᠠᠰᠤᠷᠠᠯ | ᠥᠷᠨᠢᠭᠦᠯᠪᠡ᠃ ᠪᠣᠯᠪᠠᠰᠤᠷᠠᠭᠤᠯᠤᠯ ᠳᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠱᠠᠩᠨᠠᠯ ᠨᠥᠬᠦᠪᠥᠷᠢ᠂ ᠣᠷᠣᠯᠠᠨ | ᠳᠠᠷᠢᠬᠤ ᠦᠢᠯᠡᠴᠢᠯᠡᠭᠡ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠬᠦᠴᠦ ᠶᠠᠪᠤᠬᠤ᠂ ᠦᠬᠡᠷ ᠬᠤᠨᠢ ᠪᠣᠷᠣᠯᠠᠭᠤᠯᠬᠤ ᠨᠥᠬᠦᠪᠥᠷᠢ ᠵᠢᠴᠢ | ᠡᠷᠦᠬᠡ ᠳᠤ ᠬᠦᠷᠭᠡᠬᠦ ᠠᠵᠤ ᠦᠢᠯᠡᠰ ᠤᠨ ᠲᠡᠳᠬᠦᠨ ᠳᠡᠮᠵᠢᠬᠦ ᠱᠠᠩᠨᠠᠯ ᠨᠥᠬᠦᠪᠥᠷᠢ ᠶᠢᠨ ᠲᠥᠷᠥᠯ ᠵᠦᠢᠯ ᠵᠡᠷᠭᠡ | ᠲᠠᠯ᠎ᠠ ᠶᠢᠨ ᠠᠭᠤᠯᠭ᠎ᠠ ᠪᠠᠭᠲᠠᠨ᠎ᠠ᠃ | ᠬᠤᠷᠠᠯ ᠠᠴᠠ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠤᠨ ᠭᠤᠣᠯ ᠡᠭᠦᠷᠭᠡ ᠪᠣᠯᠭᠠᠨ ᠠᠳᠬᠤᠬᠤ ᠶᠢ ᠪᠠᠷᠢᠮᠲᠠᠯᠠᠵᠤ᠂ ᠤᠯᠤᠰ | ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠪᠦᠬᠦ ᠲᠠᠯ᠎ᠠ ᠪᠠᠷ ᠴᠢᠩᠭᠠᠳᠬᠠᠵᠤ᠂ | ᠭᠠᠴᠠᠭᠠᠨ ᠤ ︽ᠬᠤᠣᠰ ᠱᠦᠵᠢ︾ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠭᠤᠣᠯᠳᠠᠯᠭ᠎ᠠ ᠶᠢ | ᠨᠡᠪᠲᠡᠷᠬᠡᠢ ᠣᠶᠢᠯᠠᠭᠠᠵᠤ᠂ ᠭᠤᠣᠯᠳᠠᠯᠭ᠎ᠠ ᠶᠢ ᠲᠣᠳᠣᠷᠬᠠᠢ ᠣᠶᠢᠯᠠᠭᠠᠵᠤ᠂ ᠨᠢᠭᠡᠳᠦᠯᠲᠡᠢ ᠲᠥᠯᠥᠪᠵᠢᠭᠦᠯᠦᠨ | ᠪᠠᠶᠢᠷᠢᠯᠠᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ 2025 ᠣᠨ ᠤ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠱᠠᠩᠨᠠᠯ ᠨᠥᠬᠦᠪᠥᠷᠢ ᠥᠭᠬᠦ᠂ ᠡᠷᠦᠬᠡ ᠳᠤ ᠬᠦᠷᠭᠡᠬᠦ ᠠᠵᠤ ᠦᠢᠯᠡᠰ ᠢ | ᠲᠡᠳᠬᠦᠨ ᠳᠡᠮᠵᠢᠵᠦ ᠱᠠᠩᠨᠠᠵᠤ ᠨᠥᠬᠦᠪᠥᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ | ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ | ᠮᠠᠯᠵᠢᠬᠤ ᠲᠠᠷᠢᠶᠠᠯᠠᠬᠤ ᠡᠷᠦᠬᠡ ᠶᠢᠨ ᠪᠣᠳᠠᠲᠠᠢ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠵᠢᠴᠢ ᠠᠮᠢᠳᠤᠷᠠᠯ ᠤᠨ | ᠪᠠᠶᠢᠳᠠᠯ ᠲᠠᠢ ᠨᠢᠭᠲᠠ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠡᠷᠦᠬᠡ ᠶᠢᠨ ᠬᠦᠰᠡᠯ ᠰᠠᠨᠠᠭ᠎ᠠ ᠶᠢ ᠴᠤᠭᠯᠠᠭᠤᠯᠤᠨ | ᠲᠥᠷᠥᠯ ᠵᠦᠢᠯ ᠢ ᠬᠡᠷᠡᠭᠵᠢᠭᠦᠯᠬᠦ ᠲᠥᠷᠥᠯ ᠵᠦᠢᠯ ᠵᠢᠴᠢ ᠠᠭᠤᠯᠭ᠎ᠠ ᠶᠢ ᠲᠣᠭᠲᠠᠭᠠᠬᠤ ᠬᠡᠷᠡᠭᠲᠡᠢ᠃ ᠭᠠᠴᠠᠭᠠᠨ ᠤ ︽ | ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠮᠠᠯᠴᠢᠨ ᠲᠠᠷᠢᠶᠠᠴᠢᠨ ᠨᠠᠮ ᠤᠨ ᠭᠡᠰᠢᠭᠦᠨ ᠴᠠᠭ ᠲᠤᠬᠠᠢ ᠳᠤᠨᠢ | ᠸᠢᠴᠠᠲ ᠤᠨ ᠴᠤᠭᠯᠠᠷᠠᠯ᠂ ᠵᠠᠷᠯᠠᠨ ᠨᠡᠶᠢᠲᠡᠯᠡᠬᠦ ᠪᠤᠯᠤᠩ᠂ ᠡᠷᠦᠬᠡ ᠳᠤ ᠣᠷᠣᠬᠤ ᠵᠡᠷᠭᠡ ᠠᠷᠭ᠎ᠠ ᠮᠠᠶ᠋ᠢᠭ ᠢᠶᠠᠷ | ᠣᠷᠣᠯᠭ᠎ᠠ ᠪᠠᠨ ᠨᠡᠮᠡᠭᠳᠡᠭᠦᠯᠵᠦ ᠱᠠᠩᠨᠠᠨ ᠨᠥᠬᠦᠪᠥᠷᠢᠯᠡᠬᠦ᠂ ᠡᠷᠦᠬᠡ ᠳᠤ ᠬᠦᠷᠭᠡᠬᠦ ᠠᠵᠤ ᠦᠢᠯᠡᠰ ᠢᠶᠠᠷ ᠲᠡᠳᠬᠦᠨ | ᠳᠡᠮᠵᠢᠬᠦ ᠱᠠᠩᠨᠠᠯ ᠨᠥᠬᠦᠪᠥᠷᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠵᠤ᠂ ᠡᠷᠦᠬᠡ ᠪᠦᠷᠢ | ᠮᠡᠳᠡᠬᠦ ᠶᠣᠰᠣᠲᠠᠢ ᠶᠢ ᠨᠢ ᠪᠦᠬᠦᠨ ᠢ ᠮᠡᠳᠡᠬᠦ ᠶᠢ ᠦᠨᠡᠨᠬᠦ ᠪᠠᠲᠤᠯᠠᠪᠠ᠃ ᠢᠯᠡ ᠨᠡᠶᠢᠲᠡᠯᠡᠬᠦ ᠠᠯᠪᠠᠨ ᠵᠠᠷ ᠤᠨ ᠳᠡᠰ | ᠳᠠᠷᠠᠭᠠᠯᠠᠯ ᠢ ᠴᠠᠭ ᠲᠤᠬᠠᠢ ᠳᠤᠨᠢ ᠭᠦᠢᠴᠡᠳᠬᠡᠵᠦ᠂ ᠮᠡᠳᠡᠭᠡ ᠵᠠᠩᠭᠢ ᠶᠢ ᠢᠯᠡ ᠲᠣᠳᠣ ᠪᠠᠶᠢᠯᠭᠠᠬᠤ ᠶᠢ | ᠴᠢᠩᠭᠠᠷᠠᠭᠤᠯᠤᠨ᠂ ᠵᠠᠯᠭᠠᠮᠵᠢ ᠰᠢᠯᠭᠠᠨ ᠠᠪᠬᠤ ᠵᠢᠴᠢ ᠱᠠᠩᠨᠠᠵᠤ ᠲᠤᠰᠠᠯᠠᠬᠤ ᠪᠡᠯᠡ ᠮᠥᠩᠭᠦ ᠶᠢ ᠰᠠᠯᠭᠠᠨ ᠥᠭᠬᠦ ᠵᠡᠷᠭᠡ | ᠬᠠᠮᠢᠶ᠎ᠠ ᠪᠦᠬᠦᠢ ᠮᠡᠳᠡᠭᠡ ᠵᠠᠩᠭᠢ ᠳᠤ ᠴᠢᠭᠯᠡᠭᠦᠯᠦᠨ ᠴᠠᠭ ᠲᠤᠬᠠᠢ ᠳᠤᠨᠢ ᠢᠯᠡ ᠨᠡᠶᠢᠲᠡᠯᠡᠵᠦ᠂ ᠲᠠᠷᠢᠶᠠᠯᠠᠬᠤ ᠮᠠᠯᠵᠢᠬᠤ | ᠡᠷᠦᠬᠡ ᠶᠢᠨ ᠱᠠᠩᠨᠠᠵᠤ ᠲᠤᠰᠠᠯᠠᠬᠤ ᠪᠡᠯᠡ ᠮᠥᠩᠭᠦ ᠣᠯᠭᠤᠬᠤ ᠶᠢᠨ ᠣᠨᠣᠪᠴᠢᠲᠤ ᠴᠢᠨᠠᠷ᠂ ᠲᠣᠭᠲᠠᠭᠠᠯ ᠳᠤ ᠨᠡᠶᠢᠴᠡᠬᠦ | ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ |