ᠬᠠᠪᠤᠷ ᠤᠨ ᠤᠯᠠᠷᠢᠯ ᠳᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠪᠠ᠃ ᠪᠠᠶᠠᠨᠬᠤᠰᠢᠭᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠭᠤᠷᠪᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠢ ᠰᠢᠭᠤᠢ ᠨᠤᠲᠤᠭ | ᠪᠡᠯᠴᠢᠭᠡᠷ ᠤᠨ ︽ᠭᠠᠯ ᠰᠡᠷᠭᠡᠶᠢᠯᠡᠬᠦ ᠬᠡᠷᠡᠮ︾ ᠢ ᠪᠠᠲᠤ ᠴᠣᠭᠴᠠᠯᠠᠵᠤ᠂ ᠣᠢ ᠰᠢᠭᠤᠢ ᠨᠤᠲᠤᠭ ᠪᠡᠯᠴᠢᠭᠡᠷ ᠤᠨ ᠡᠬᠢ | ᠪᠠᠶᠠᠯᠢᠭ ᠪᠠ ᠠᠮᠢ ᠠᠬᠤᠢ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠪᠠ᠃ | ᠪᠠᠶᠠᠨᠬᠤᠰᠢᠭᠤ ᠪᠠᠯᠭᠠᠰᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠳᠡᠭᠡᠳᠦ | ᠱᠠᠲᠤᠨ ᠤ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠪᠠᠯᠭᠠᠰᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ ᠠᠵᠢᠯ ᠤᠨ ᠨᠠᠷᠢᠨ ᠲᠥᠰᠦᠯ ᠢ ᠲᠣᠭᠲᠠᠭᠠᠪᠠ᠃ ᠬᠤᠷᠠᠯ ᠠᠴᠠ ᠡᠯ᠎ᠡ ᠰᠠᠯᠠᠭ᠎ᠠ ᠮᠥᠴᠢᠷ᠂ ᠡᠯ᠎ᠡ | ᠭᠠᠴᠠᠭᠠᠨ ᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠭᠠᠯ ᠰᠡᠷᠭᠡᠶᠢᠯᠡᠬᠦ ᠡᠭᠦᠷᠭᠡ ᠶᠢ ᠠᠵᠢᠯ ᠤᠨ ᠪᠠᠶᠢᠷᠢ ᠳᠤ | ᠬᠦᠷᠲᠡᠯ᠎ᠡ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠥᠨᠴᠥᠭ ᠪᠤᠯᠤᠩ ᠦᠭᠡᠢ ᠪᠠᠶᠢᠯᠭᠠᠬᠤ ᠶᠢ ᠦᠨᠡᠨᠬᠦ ᠪᠠᠲᠤᠯᠠᠪᠠ᠃ | ᠡᠭᠦᠨ ᠤ ᠬᠠᠮᠲᠤ᠂ ᠡᠯ᠎ᠡ ᠭᠠᠴᠠᠭ᠎ᠠ ᠶᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢᠶᠠᠨ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠨ ᠴᠢᠩᠭᠠᠳᠬᠠᠨ᠂ ᠭᠠᠯ ᠤᠨ ᠪᠠᠶᠢᠳᠠᠯ ᠢ | ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠣᠯᠠᠨ ᠲᠦᠮᠡᠨ ᠤ ᠭᠠᠯ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ | ᠪᠠᠶᠠᠨᠬᠤᠰᠢᠭᠤ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠵᠦ᠂ ︽ᠲᠣᠰᠬᠤᠨ ᠪᠣᠯᠭᠠᠨ ᠳᠤ ᠳᠠᠭᠤᠷᠢᠰᠬᠤ︾ ᠳᠠᠭᠤᠨ ᠲᠠᠭᠤ ᠳᠠᠮᠵᠢᠭᠤᠯᠬᠤ᠂ ᠸᠢᠴᠠᠲ ᠤᠨ | ᠰᠦᠷᠦᠭᠵᠢᠯ ᠤᠨ ᠲᠤᠬᠠᠢ ᠴᠠᠭ ᠲᠤᠬᠠᠢ ᠳᠤᠨᠢ ᠬᠥᠳᠡᠯᠦᠯᠴᠡᠬᠦ᠂ ᠵᠠᠷᠯᠠᠯ ᠨᠠᠭᠠᠵᠤ ᠥᠷᠭᠡᠨ ᠢᠶᠠᠷ ᠬᠠᠮᠤᠷᠬᠤ᠂ | ᠡᠷᠦᠬᠡ ᠳᠤ ᠣᠷᠣᠵᠤ ᠤᠬᠠᠭᠤᠯᠤᠨ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠭᠠᠯ ᠰᠡᠷᠭᠡᠶᠢᠯᠡᠬᠦ ᠮᠡᠳᠡᠯᠭᠡ ᠶᠢ ᠣᠯᠠᠨ ᠲᠦᠮᠡᠨ ᠤ ᠳᠡᠷᠭᠡᠳᠡ ᠬᠦᠷᠭᠡᠪᠡ᠃ ᠡᠭᠦᠨ ᠤ ᠬᠠᠮᠲᠤ᠂ ᠠᠵᠢᠯᠲᠠᠳ ᠢ | ᠵᠣᠬᠢᠶᠠᠨ ᠪᠠᠶᠢᠭᠤᠯᠤᠨ ᠭᠠᠴᠠᠭ᠎ᠠ ᠳᠤ ᠭᠦᠨᠵᠡᠭᠡᠶᠢᠷᠡᠭᠦᠯᠦᠨ᠂ ᠣᠯᠠᠨ ᠲᠦᠮᠡᠨ ᠲᠠᠢ ᠨᠢᠭᠤᠷᠳᠠᠨ ᠰᠣᠯᠢᠯᠴᠠᠵᠤ᠂ ᠭᠠᠯ | ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠭᠠᠯ ᠰᠡᠷᠭᠡᠶᠢᠯᠡᠬᠦ ᠠᠵᠢᠯ ᠳᠤ ᠤᠬᠠᠮᠰᠠᠷ ᠢ ᠨᠢ ᠦᠨᠡᠨᠬᠦ ᠣᠷᠣᠯᠴᠠᠭᠤᠯᠵᠤ᠂ ᠭᠠᠯ | ᠰᠡᠷᠭᠡᠶᠢᠯᠡᠬᠦ ᠦᠵᠡᠯ ᠤᠬᠠᠮᠰᠠᠷ ᠢ ᠨᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠪᠠ᠃ | ᠪᠠᠶᠠᠨᠬᠤᠰᠢᠭᠤ ᠪᠠᠯᠭᠠᠰᠤ ᠲᠤᠰᠬᠠᠢ ᠠᠵᠢᠯ ᠤᠨ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠬᠤ ᠡᠩᠨᠡᠭᠡ ᠶᠢ | ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠰᠢᠭᠤᠶᠢᠲᠤ ᠣᠷᠣᠨ᠂ ᠨᠤᠲᠤᠭ ᠪᠡᠯᠴᠢᠭᠡᠷ ᠵᠢᠴᠢ ᠭᠠᠯ ᠤᠨ ᠠᠶᠤᠯ | ᠠᠮᠠᠷᠬᠠᠨ ᠡᠭᠦᠰᠬᠦ ᠣᠷᠣᠨ ᠳᠤ ᠪᠦᠬᠦ ᠡᠳᠦᠷ ᠢᠶᠠᠷ ᠲᠣᠭᠤᠷᠢᠨ ᠴᠠᠭᠳᠠᠵᠤ ᠬᠢᠨᠠᠨ ᠡᠵᠡᠮᠳᠡᠪᠡ᠃ ᠲᠣᠭᠤᠷᠢᠨ | ᠪᠠᠶᠢᠴᠠᠭᠠᠬᠤ ᠡᠩᠨᠡᠭᠡ ᠪᠤᠵᠠᠷ ᠡᠪᠡᠰᠦ᠂ ᠬᠤᠪᠠᠭ᠋ᠠᠢ ᠰᠠᠯᠠᠭ᠎ᠠ ᠵᠡᠷᠭᠡ ᠰᠢᠲᠠᠮᠠᠬᠠᠢ ᠪᠣᠳᠠᠰ ᠢ ᠴᠠᠭ ᠲᠤᠬᠠᠢ ᠳᠤᠨᠢ | ᠴᠡᠪᠡᠷᠯᠡᠵᠦ᠂ ᠭᠠᠯ ᠤᠨ ᠠᠶᠤᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ᠂ ᠬᠡᠭᠡᠷ᠎ᠡ | ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠲᠣᠭᠲᠠᠭᠠᠯ ᠠᠴᠠ ᠵᠥᠷᠢᠴᠡᠨ | ᠭᠠᠯ ᠬᠡᠷᠡᠭᠯᠡᠬᠦ ᠦᠢᠯᠡ ᠠᠵᠢᠯᠯᠠᠭ᠎ᠠ ᠶᠢ ︽ᠥᠴᠦᠬᠡᠨ ᠴᠦ ᠠᠭᠤᠴᠢᠯᠠᠬᠤ ᠦᠭᠡᠢ︾ ᠪᠣᠯᠭᠠᠵᠤ᠂ ᠨᠢᠭᠡ ᠶᠢ ᠣᠯᠵᠤ | ᠮᠡᠳᠡᠪᠡᠯ ᠨᠢᠭᠡ ᠶᠢ ᠰᠢᠢᠳᠪᠦᠷᠢᠯᠡᠵᠦ᠂ ᠭᠠᠯ ᠤᠨ ᠠᠶᠤᠯ ᠭᠠᠷᠬᠤ ᠶᠢ ᠪᠦᠲᠦᠮᠵᠢᠲᠡᠢ ᠬᠤᠷᠢᠭᠯᠠᠬᠤ ᠬᠡᠷᠡᠭᠲᠡᠢ᠃ | ᠡᠭᠦᠨ ᠤ ᠬᠠᠮᠲᠤ᠂ ᠪᠠᠯᠭᠠᠰᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠭᠠᠯ ᠰᠡᠷᠭᠡᠶᠢᠯᠡᠬᠦ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠵᠢᠯᠣᠭᠤᠳᠴᠤ ᠪᠠᠶᠢᠴᠠᠭᠠᠵᠤ᠂ ᠡᠯ᠎ᠡ ᠭᠠᠴᠠᠭ᠎ᠠ ᠳᠤ ᠭᠦᠨᠵᠡᠭᠡᠶᠢᠷᠡᠨ ᠭᠠᠯ ᠰᠡᠷᠭᠡᠶᠢᠯᠡᠬᠦ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠤᠭᠰᠠᠨ᠂ ᠡᠳ᠋ ᠪᠣᠳᠠᠰ ᠤᠨ ᠨᠥᠭᠡᠴᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠡᠯ᠎ᠡ ᠵᠦᠢᠯ ᠤᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ | ᠬᠦ ᠪᠠᠲᠤᠯᠠᠵᠤ᠂ ᠣᠢ ᠰᠢᠭᠤᠢ ᠨᠤᠲᠤᠭ ᠪᠡᠯᠴᠢᠭᠡᠷ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ | ᠬᠠᠮᠠᠭᠠᠯᠠᠪᠠ᠃ | ᠳᠠᠷᠠᠭᠠᠴᠢ ᠶᠢᠨ ᠠᠯᠬᠤᠮ ᠳᠤ᠂ ᠪᠠᠶᠠᠨᠬᠤᠰᠢᠭᠤ ᠪᠠᠯᠭᠠᠰᠤ ᠣᠳᠣᠬᠠᠨ ᠤ ᠭᠠᠯ ᠰᠡᠷᠭᠡᠶᠢᠯᠡᠬᠦ ᠠᠵᠢᠯ ᠤᠨ ᠦᠷ᠎ᠡ | ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠨ ᠤᠯᠠᠮ | ᠨᠢᠭᠡ ᠠᠯᠬᠤᠮ ᠲᠡᠭᠦᠯᠳᠡᠷᠵᠢᠭᠦᠯᠦᠨ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠳᠬᠠᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠴᠥᠬᠦᠷᠡᠰᠢ ᠦᠭᠡᠢ | ᠠᠳᠬᠤᠬᠤ ᠶᠢ ᠦᠨᠡᠨ ᠬᠦ ᠪᠠᠲᠤᠯᠠᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠪᠠᠲᠤ | ᠴᠢᠩᠭ᠎ᠠ ᠪᠠᠲᠤᠯᠠᠭ᠎ᠠ ᠬᠠᠩᠭᠠᠨ᠎ᠠ᠃ |