ᠪᠠᠶᠠᠨᠬᠤᠰᠢᠭᠤ ᠪᠠᠯᠭᠠᠰᠤ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ ᠪᠠᠶᠢᠨ᠎ᠠ
ᠨᠡᠶᠢᠲᠡᠯᠡᠭᠰᠡᠨ ᠴᠠᠭ᠄
2025/3/11
   ᠲᠠᠷᠢᠶᠠᠨ ᠭᠠᠵᠠᠷ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠶᠢᠨ ᠲᠥᠯᠥᠭᠡ᠂ ᠪᠠᠶᠠᠨᠬᠤᠰᠢᠭᠤ ᠪᠠᠯᠭᠠᠰᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠳᠲᠡᠷ ᠲᠦᠷᠭᠡᠨ ᠬᠥᠳᠡᠯᠦᠯᠴᠡᠵᠦ ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠪᠠ᠃    ᠠᠵᠢᠯ ᠤᠨ ᠬᠠᠷᠢᠭᠤᠴᠠᠯᠭ᠎ᠠ ᠶᠢ ᠨᠠᠷᠢᠨ ᠨᠢᠮᠪᠠᠢ ᠪᠠᠶᠢᠷᠢᠯᠠᠭᠤᠯᠵᠤ᠃ ᠣᠶᠢᠷ᠎ᠠ ᠳᠤ᠂ ᠪᠠᠶᠠᠨᠬᠤᠰᠢᠭᠤ ᠪᠠᠯᠭᠠᠰᠤ ᠲᠠᠷᠢᠶᠠᠨ ᠭᠠᠵᠠᠷ ᠢ ᠬᠠᠮᠠᠭᠠᠯᠠᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠲᠤᠬᠠᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠠᠷᠢᠶᠠᠨ ᠭᠠᠵᠠᠷ ᠢ ᠵᠥᠪᠬᠡᠨ ᠲᠠᠷᠢᠶᠠᠨ ᠭᠠᠵᠠᠷ ᠲᠤ ᠬᠡᠷᠡᠭᠯᠡᠵᠦ ᠪᠣᠯᠬᠤ ᠶᠢ ᠲᠣᠳᠣᠷᠬᠠᠶᠢᠯᠠᠵᠤ᠂ ᠤᠯᠠᠭᠠᠨ ᠱᠤᠭᠤᠮ ᠤᠨ ᠭᠠᠵᠠᠷ ᠰᠢᠷᠣᠢ ᠳᠤ ᠵᠥᠪᠬᠡᠨ ᠲᠠᠷᠢᠶᠠᠯᠠᠩ ᠤᠨ ᠶᠠᠪᠤᠳᠠᠯ ᠤᠨ ᠲᠠᠷᠢᠶᠠᠯᠠᠭ᠎ᠠ ᠪᠠ ᠲᠠᠷᠢᠶᠠᠯᠠᠩ ᠤᠨ ᠦᠢᠯᠡᠳᠪᠦᠷᠢᠯᠡᠯ ᠬᠢᠵᠦ ᠪᠣᠯᠤᠨ᠎ᠠ᠂ ᠪᠦᠲᠦᠭᠡᠨ ᠪᠠᠶᠢᠭᠤᠯᠬᠤ ᠪᠤᠶᠤ ᠪᠤᠰᠤᠳ ᠲᠠᠷᠢᠶᠠᠯᠠᠩ ᠤᠨ ᠪᠤᠰᠤ ᠵᠦᠢᠯ ᠳᠤ ᠬᠡᠷᠡᠭᠯᠡᠵᠦ ᠪᠣᠯᠬᠤ ᠦᠭᠡᠢ ᠭᠡᠳᠡᠭ ᠢ ᠲᠣᠳᠣᠷᠬᠠᠶᠢᠯᠠᠬᠤ ᠬᠡᠷᠡᠭᠲᠡᠢ᠃ ︽ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠶᠢᠰᠢᠩ ᠪᠠᠷᠢᠬᠤ ᠲᠤᠬᠠᠢ ︿ᠨᠠᠢᠮᠨ ᠪᠣᠯᠬᠤ ᠦᠭᠡᠢ﹀ ᠲᠤᠬᠠᠢ ᠮᠡᠳᠡᠭᠳᠡᠯ︾ ᠢ ᠴᠢᠩᠭ᠎ᠠ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠪᠠᠶᠢᠭᠤᠯᠬᠤ ᠳᠤ ᠬᠡᠷᠡᠭᠯᠡᠬᠦ ᠭᠠᠵᠠᠷ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ᠃ ᠬᠤᠷᠠᠯ ᠤᠨ ᠳᠠᠷᠠᠭ᠎ᠠ᠂ ᠬᠠᠮᠢᠶ᠎ᠠ ᠪᠦᠬᠦᠢ ᠠᠵᠢᠯᠲᠠᠨ ᠭᠠᠴᠠᠭᠠᠨ ᠳᠤ ᠭᠦᠨᠵᠡᠭᠡᠶᠢᠷᠡᠨ ᠦᠯᠡᠳᠡᠭᠡᠯ ᠬᠠᠤᠯᠢ ᠠᠴᠠ ᠵᠥᠷᠢᠴᠡᠭᠰᠡᠨ ᠵᠢᠷᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠵᠢᠴᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃    ᠤᠬᠠᠭᠤᠯᠭ᠎ᠠ ᠶᠢ ᠴᠢᠩᠭᠠᠳᠬᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ ᠣᠯᠠᠨ ᠲᠦᠮᠡᠨ ᠤ ᠲᠠᠷᠢᠶᠠᠨ ᠭᠠᠵᠠᠷ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠪᠦᠬᠦ ᠨᠡᠶᠢᠭᠡᠮ ᠢᠶᠠᠷ ᠢᠶᠠᠨ ᠲᠠᠷᠢᠶᠠᠨ ᠭᠠᠵᠠᠷ ᠢ ᠬᠠᠮᠠᠭᠠᠯᠠᠬᠤ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ ᠪᠠᠶᠠᠨᠬᠤᠰᠢᠭᠤ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠬᠠᠭᠤᠯᠭ᠎ᠠ ᠶᠢᠨ ᠠᠵᠢᠯ ᠢ ᠥᠷᠭᠡᠨ ᠢᠶᠠᠷ ᠥᠷᠨᠢᠭᠦᠯᠵᠦ᠂ ︽ᠲᠣᠰᠬᠤᠨ ᠪᠣᠯᠭᠠᠨ ᠳᠤ ᠳᠠᠭᠤᠷᠢᠰᠬᠤ︾ ᠪᠦᠷᠢᠶ᠎ᠡ ᠶᠢᠨ ᠳᠠᠭᠤᠨ ᠳᠠᠮᠵᠢᠭᠤᠯᠬᠤ᠂ ᠸᠢᠴᠠᠲ ᠤᠨ ᠬᠤᠯᠪᠣᠭ᠎ᠠ ᠶᠢ ᠴᠠᠭ ᠲᠤᠬᠠᠢ ᠳᠤᠨᠢ ᠬᠥᠳᠡᠯᠦᠯᠴᠡᠬᠦ᠂ ᠡᠷᠦᠬᠡ ᠳᠤ ᠣᠷᠣᠵᠤ ᠤᠬᠠᠭᠤᠯᠤᠨ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠲᠠᠷᠢᠶᠠᠨ ᠭᠠᠵᠠᠷ ᠢ ᠬᠠᠮᠠᠭᠠᠯᠠᠬᠤ ᠶᠢᠨ ᠴᠢᠬᠤᠯᠠ ᠴᠢᠨᠠᠷ ᠪᠠ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠬᠦᠨᠳᠦ ᠨᠣᠴᠢᠲᠠᠢ ᠦᠷ᠎ᠡ ᠳ᠋ᠦᠩ ᠢ ᠤᠬᠠᠭᠤᠯᠵᠤ᠂ ᠣᠯᠠᠨ ᠲᠦᠮᠡᠨ ᠳᠤ ᠶᠠᠭᠤ ᠬᠢᠵᠦ ᠪᠣᠯᠬᠤ ᠦᠭᠡᠢ᠂ ᠶᠠᠭᠤ ᠬᠢᠵᠦ ᠪᠣᠯᠬᠤ ᠦᠭᠡᠢ ᠭᠡᠳᠡᠭ ᠢ ᠲᠣᠳᠣᠷᠬᠠᠢ ᠮᠡᠳᠡᠭᠦᠯᠵᠦ᠂ ᠣᠯᠠᠨ ᠲᠦᠮᠡᠨ ᠤ ᠤᠬᠠᠮᠰᠠᠷ ᠠᠴᠠ ᠪᠠᠨ ᠲᠠᠷᠢᠶᠠᠨ ᠭᠠᠵᠠᠷ ᠢ ᠬᠠᠮᠠᠭᠠᠯᠠᠬᠤ ᠦᠢᠯᠡᠳᠦᠯᠭᠡᠵᠢᠭᠦᠯᠦᠭᠴᠢ ᠪᠣᠯᠬᠤ ᠶᠢ ᠬᠥᠲᠥᠯᠥᠨ ᠵᠢᠯᠣᠭᠤᠳᠪᠠ᠃    ᠠᠰᠠᠭᠤᠳᠠᠯ ᠢ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠬᠢᠨᠠᠨ ᠪᠠᠶᠢᠴᠠᠭᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠳᠤᠮᠳᠠ᠂ ᠪᠠᠶᠠᠨᠬᠤᠰᠢᠭᠤ ᠪᠠᠯᠭᠠᠰᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢ ᠠᠴᠠ ᠵᠥᠷᠢᠴᠡᠭᠰᠡᠨ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠨ᠂ ᠪᠦᠬᠦ ᠪᠠᠯᠭᠠᠰᠤᠨ ᠤ ᠲᠠᠷᠢᠶᠠᠨ ᠭᠠᠵᠠᠷ ᠢ ᠪᠦᠬᠦ ᠲᠠᠯ᠎ᠠ ᠪᠠᠷ ᠬᠢᠨᠠᠨ ᠪᠠᠶᠢᠴᠠᠭᠠᠵᠤ᠂ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠭᠰᠠᠨ ᠵᠡᠷᠭᠡ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠨᠢ ᠲᠣᠳᠣᠷᠬᠠᠢ᠂ ᠪᠠᠶᠢᠳᠠᠯ ᠨᠢ ᠲᠣᠳᠣᠷᠬᠠᠢ ᠪᠠᠶᠢᠬᠤ ᠶᠢ ᠪᠡᠶᠡᠯᠡᠭᠦᠯᠪᠡ᠃ ᠰᠢᠨ᠎ᠡ ᠪᠠᠷ ᠨᠡᠮᠡᠭᠳᠡᠭᠰᠡᠨ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠭᠰᠡᠨ ᠦᠢᠯᠡ ᠠᠵᠢᠯᠯᠠᠭ᠎ᠠ ᠶᠢ ᠡᠷᠲᠡ ᠠᠴᠠ ᠣᠯᠵᠤ ᠮᠡᠳᠡᠨ᠂ ᠡᠷᠲᠡ ᠠᠴᠠ ᠬᠤᠷᠢᠭᠯᠠᠨ᠂ ᠡᠷᠲᠡ ᠠᠴᠠ ᠪᠠᠶᠢᠴᠠᠭᠠᠨ ᠰᠢᠢᠳᠪᠦᠷᠢᠯᠡᠵᠦ᠂ ᠨᠡᠮᠡᠭᠳᠡᠯ ᠢ ᠡᠷᠡᠰ ᠬᠤᠷᠢᠭᠯᠠᠬᠤ ᠬᠡᠷᠡᠭᠲᠡᠢ᠃ ᠡᠭᠦᠨ ᠤ ᠬᠠᠮᠲᠤ ᠳᠡᠭᠡᠳᠦ ᠱᠠᠲᠤᠨ ᠤ ᠪᠠᠭᠤᠯᠭᠠᠭᠰᠠᠨ ᠬᠠᠤᠯᠢ ᠠᠴᠠ ᠵᠥᠷᠢᠴᠡᠭᠰᠡᠨ ᠵᠢᠷᠤᠭ ᠤᠨ ᠲᠣᠯᠪᠤ ᠶᠢ ᠨᠢᠭᠡᠳ ᠨᠢᠭᠡ ᠪᠠᠷ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ᠂ ᠵᠢᠷᠤᠭ ᠤᠨ ᠲᠣᠯᠪᠤ ᠶᠢᠨ ᠣᠷᠣᠨ ᠪᠠᠶᠢᠷᠢ᠂ ᠲᠠᠯᠠᠪᠠᠢ᠂ ᠲᠥᠷᠥᠯ ᠬᠡᠯᠪᠡᠷᠢ ᠵᠡᠷᠭᠡ ᠮᠡᠳᠡᠭᠡ ᠵᠠᠩᠭᠢ ᠶᠢ ᠨᠠᠷᠢᠨ ᠲᠣᠳᠣᠷᠬᠠᠢ ᠲᠡᠮᠳᠡᠭᠯᠡᠵᠦ᠂ ᠠᠰᠠᠭᠤᠳᠠᠯ ᠤᠨ ᠡᠬᠡ ᠳᠠᠩᠰᠠ ᠪᠠᠶᠢᠭᠤᠯᠤᠨ᠂ ︽ᠨᠢᠭᠡ ᠲᠣᠯᠪᠦ‍ ᠨᠢᠭᠡ ᠳᠠᠩᠰᠠ ᠡᠪᠬᠡᠮᠡᠯ︾ ᠢ ᠪᠡᠶᠡᠯᠡᠭᠦᠯᠵᠦ᠂ ᠴᠡᠭᠴᠡᠯᠡᠨ ᠵᠠᠰᠠᠬᠤ ᠬᠠᠷᠠᠯᠲᠠ ᠡᠭᠦᠷᠭᠡ ᠪᠠᠨ ᠴᠠᠭ ᠲᠤᠬᠠᠢ ᠳᠤᠨᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠪᠠᠶᠠᠨᠬᠤᠰᠢᠭᠤ ᠪᠠᠯᠭᠠᠰᠤ ᠦᠷᠭᠦᠯᠵᠢᠯᠡᠨ ᠥᠨᠳᠥᠷ ᠳᠠᠷᠤᠯᠲᠠᠲᠤ ᠪᠠᠶᠢᠳᠠᠯ ᠢᠶᠠᠨ ᠪᠠᠲᠤᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠡᠷᠡᠰ ᠰᠠᠬᠢᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号